︽ᠲᠣᠷᠭᠠᠨ ᠤ ᠵᠠᠮ︾ ᠠᠦ᠋ᠲ᠋ᠣ᠋ ᠷᠠᠯᠯᠢ ᠳᠣᠯᠣᠳᠤᠭᠠᠷ ᠰᠠᠷ᠎ᠠ ᠳᠤ ᠪᠤᠯᠤᠨ᠎ᠠ  | News.MN

 ︽ᠲᠣᠷᠭᠠᠨ ᠤ ᠵᠠᠮ︾ ᠠᠦ᠋ᠲ᠋ᠣ᠋ ᠷᠠᠯᠯᠢ ᠳᠣᠯᠣᠳᠤᠭᠠᠷ ᠰᠠᠷ᠎ᠠ ᠳᠤ ᠪᠤᠯᠤᠨ᠎ᠠ 

︽ᠲᠣᠷᠭᠠᠨ ᠤ ᠵᠠᠮ︾ ᠣᠯᠠᠨ ᠤᠯᠤᠰ ᠤᠨ ᠠᠦ᠋ᠲ᠋ᠣ᠋ ᠷᠠᠯᠯᠢ ᠤᠷᠤᠯᠳᠤᠭᠠᠨ ᠢ ᠵᠣᠬᠢᠶᠠᠨ ᠪᠠᠶᠢᠭᠤᠯᠬᠤ ᠠᠵᠢᠯ ᠤᠨ ᠬᠡᠰᠡᠭ ᠦᠨ ᠳᠠᠷᠤᠭ᠎ᠠ ᠂ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠽ∙ᠡᠩᠬᠡᠪᠣᠯᠤᠳ ᠲᠤᠰ ᠤᠷᠤᠯᠳᠤᠭᠠᠨ ᠤ ᠵᠣᠬᠢᠶᠠᠨ ᠪᠠᠶᠢᠭᠤᠯᠤᠯᠲᠠ ᠳᠤ ᠳᠡᠮᠵᠢᠯᠭᠡ ᠦᠵᠡᠭᠦᠯᠵᠦ᠂ ᠣᠷᠣᠨ ᠨᠤᠲᠤᠭ ᠤᠨ ᠢᠷᠭᠡᠳ ᠦᠨ ᠠᠶᠤᠯ ᠦᠭᠡᠢ ᠪᠠᠶᠢᠳᠠᠯ᠂ ᠡᠷᠬᠡ ᠠᠰᠢᠭ ᠢ ᠬᠠᠮᠠᠭᠠᠯᠠᠵᠤ ᠠᠵᠢᠯᠯᠠᠬᠤ ᠶᠢ ᠬᠣᠯᠪᠣᠭᠳᠠᠬᠤ ᠠᠶᠢᠮᠠᠭ ᠤᠳ ᠤᠨ ᠵᠠᠰᠠᠭ ᠳᠠᠷᠤᠭ᠎ᠠ ᠨᠠᠷ ᠲᠤ ᠳᠠᠭᠠᠭᠠᠯᠭᠠᠵᠠᠢ᠃ ︽ᠲᠣᠷᠭᠠᠨ ᠤ ᠵᠠᠮ︾ ᠠᠦ᠋ᠲ᠋ᠣ᠋ ᠷᠠᠯᠯᠢ ᠤᠷᠤᠯᠳᠤᠭᠠᠨ ᠢ 2009 ᠣᠨ ᠠᠴᠠ ᠬᠣᠶᠢᠰᠢ ᠵᠢᠯ ᠪᠦᠷᠢ ᠵᠣᠬᠢᠶᠠᠨ ᠪᠠᠶᠢᠭᠤᠯᠵᠤ ᠡᠬᠢᠯᠡᠭᠰᠡᠨ ᠃ ᠲᠤᠰ ᠤᠷᠤᠯᠳᠤᠭᠠᠨ ᠢ ᠣᠷᠣᠰ – ᠺᠠᠰᠠᠺᠰᠲ᠋ᠠᠨ- ᠬᠢᠲᠠᠳ ᠭᠡᠰᠡᠨ ᠴᠢᠭᠯᠡᠯ ᠢᠶᠡᠷ ᠵᠣᠬᠢᠶᠠᠳᠠᠭ ᠪᠠᠶᠢᠭᠰᠠᠨ ᠪᠣᠯ 2018 ᠣᠨ ᠳᠤ ᠣᠷᠣᠰ᠂ ᠬᠢᠲᠠᠳ ᠭᠡᠰᠡᠨ ᠴᠢᠭᠯᠡᠯ ᠢᠶᠡᠷ ᠵᠣᠬᠢᠶᠠᠵᠠᠢ᠃

2019 ᠣᠨ  ᠳᠤ ᠮᠣᠩᠭᠣᠯ ᠤᠯᠤᠰ ᠤᠨ ᠭᠠᠵᠠᠷ ᠨᠤᠲᠤᠭ ᠢᠶᠠᠷ ᠳᠠᠮᠵᠢᠨ ᠣᠷᠣᠰ᠂ ᠮᠣᠩᠭᠣᠯ᠂ ᠬᠢᠲᠠᠳ ᠭᠡᠰᠡᠨ ᠴᠢᠭᠯᠡᠯ ᠳᠦ ᠵᠣᠬᠢᠶᠠᠬᠤ ᠪᠠᠷ ᠪᠣᠯᠤᠭᠰᠠᠨ ᠪᠠᠶᠢᠨ᠎ᠠ᠃ ᠠᠦ᠋ᠲ᠋ᠣ᠋ ᠷᠠᠯᠯᠢ ᠣᠷᠣᠰ ᠤᠨ ᠡᠷᠬᠦᠦ ᠬᠣᠲᠠ ᠠᠴᠠ ᠡᠬᠢᠯᠡᠵᠦ ᠬᠢᠲᠠᠳ ᠤᠨ ᠳ᠋ᠦᠩᠬᠤᠸᠠᠩ ᠬᠤᠲᠠ ᠳᠤ ᠳᠠᠭᠤᠰᠬᠤ ᠠᠵᠡᠢ᠃ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ 2019 ᠣᠨ ᠤ 02 ᠳ᠋ᠤᠭᠠᠷ ᠰᠠᠷ᠎ᠠ ᠳᠤ  ︽ᠲᠣᠷᠭᠠᠨ ᠤ ᠵᠠᠮ︾ ᠠᠦ᠋ᠲ᠋ᠣ᠋ ᠷᠠᠯᠯᠢ ᠶᠢᠨ 2019 ᠣᠨ ᠤ ᠤᠷᠤᠯᠳᠤᠭᠠᠨ ᠢ ᠵᠣᠬᠢᠶᠠᠨ ᠪᠠᠶᠢᠭᠤᠯᠬᠤ ᠣᠷᠣᠰ ᠮᠣᠩᠭᠣᠯ ᠤᠨ ᠲᠠᠯ᠎ᠠ ᠶᠢᠨ ᠠᠵᠢᠯ ᠤᠨ ᠬᠡᠰᠡᠭ ᠦᠨ ᠠᠭᠤᠯᠵᠠᠯᠲᠠ ᠳᠤ ᠣᠷᠣᠯᠴᠠᠭᠰᠠᠨ᠃ ᠠᠭᠤᠯᠵᠠᠯᠲᠠ ᠶᠢᠨ ᠦᠶ᠎ᠡ ᠪᠡᠷ ᠲᠡᠷᠡ ᠠᠦ᠋ᠲ᠋ᠣ᠋ ᠷᠠᠯᠯᠢ ᠶᠢᠨ ᠤᠷᠤᠯᠳᠤᠭᠠᠨ ᠤ ᠠᠶᠤᠯ ᠦᠭᠡᠢ ᠪᠠᠶᠢᠳᠠᠯ ᠳᠤ ᠣᠨᠴᠠᠭᠠᠢ ᠠᠩᠬᠠᠷᠴᠤ ᠠᠵᠢᠯᠯᠠᠬᠤ ᠶᠣᠰᠣᠲᠠᠢ ᠶᠢ ᠬᠣᠯᠪᠣᠭᠳᠠᠬᠤ ᠮᠡᠷᠭᠡᠵᠢᠯ ᠦᠨ ᠪᠠᠶᠢᠭᠤᠯᠤᠯᠭ᠎ᠠ ᠨᠤᠭᠤᠳ ᠤᠨ ᠤᠳᠤᠷᠢᠳᠤᠯᠭ᠎ᠠ᠂ ᠠᠵᠢᠯ ᠤᠨ ᠬᠡᠰᠡᠭ ᠦᠨ ᠬᠢᠨ ᠳᠦ ᠢᠯᠡᠷᠬᠡᠶᠢᠯᠡᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ