ᠡᠨᠡᠳᠬᠡᠭ ᠤᠨ ᠡᠯᠴᠢᠨ ᠠᠷᠠᠯᠵᠢᠶ᠎ᠠ ᠨᠡᠭᠡᠭᠡᠵᠦ ᠴᠠᠩ ᠴᠤᠬᠢᠯ᠎ᠠ | News.MN

ᠡᠨᠡᠳᠬᠡᠭ ᠤᠨ ᠡᠯᠴᠢᠨ ᠠᠷᠠᠯᠵᠢᠶ᠎ᠠ ᠨᠡᠭᠡᠭᠡᠵᠦ ᠴᠠᠩ ᠴᠤᠬᠢᠯ᠎ᠠ

ᠥᠨᠥᠳᠥᠷ ᠪᠦᠭᠦᠳᠡ ᠨᠠᠶᠢᠷᠠᠮᠳᠠᠬᠤ ᠡᠨᠡᠳᠬᠡᠭ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠨᠣᠶᠠᠨ ᠮ᠂ ᠫ᠂ ᠰᠢᠩᠾ ᠮᠣᠩᠭᠣᠯ ᠤᠨ ᠬᠥᠷᠥᠩᠭᠡ ᠶᠢᠨ ᠪᠢᠷᠵᠢ ᠳᠦ ᠵᠣᠴᠢᠯᠠᠵᠤ᠂ 6004  ᠳ᠋ᠡᠬᠢ ᠤᠳᠠᠭ᠎ᠠ ᠶᠢᠨ ᠦᠨᠡᠲᠦ ᠴᠠᠭᠠᠰᠤᠨ ᠤ ᠠᠷᠠᠯᠵᠢᠶ᠎ᠠ ᠶᠢ ᠨᠡᠭᠡᠭᠡᠵᠦ ᠴᠠᠩ ᠴᠤᠬᠢᠯ᠎ᠠ᠃
ᠡᠨᠡᠬᠦ ᠶᠣᠰᠣᠯᠠᠯ ᠤᠨ ᠠᠷᠭ᠎ᠠ ᠬᠡᠮᠵᠢᠶᠡᠨ ᠦ ᠳᠠᠷᠠᠭ᠎ᠠ ᠪᠣᠯᠤᠭᠰᠠᠨ ᠬᠥᠷᠥᠩᠭᠡ ᠶᠢᠨ ᠵᠠᠬ᠎ᠠ ᠵᠡᠭᠡᠯᠢ ᠶᠢᠨ ᠲᠠᠨᠢᠯᠴᠠᠭᠤᠯᠭ᠎ᠠ ᠠᠭᠤᠯᠵᠠᠯᠲᠠ ᠶᠢᠨ ᠦᠶ᠎ᠡ ᠪᠡᠷ ᠮᠣᠩᠭᠣᠯ ᠤᠨ ᠬᠥᠷᠥᠩᠭᠡ ᠶᠢᠨ ᠵᠠᠬ᠎ᠠ ᠵᠡᠭᠡᠯᠢ ᠳᠦ ᠡᠨᠡᠳᠬᠡᠭ ᠤᠯᠤᠰ ᠤᠨ ᠬᠥᠷᠥᠩᠭᠡ ᠣᠷᠣᠭᠤᠯᠤᠭᠴᠢᠳ ᠤᠨ ᠣᠷᠣᠯᠴᠠᠭ᠎ᠠ ᠶᠢ ᠨᠡᠮᠡᠭᠳᠡᠭᠦᠯᠬᠦ᠂ ᠡᠨᠡᠳᠬᠡᠭ ᠤᠯᠤᠰ ᠤᠨ ᠬᠡᠷᠡᠭᠵᠢᠭᠦᠯᠵᠦ ᠪᠤᠢ ᠲᠥᠰᠥᠯ ᠦᠳ ᠢ ᠬᠥᠷᠥᠩᠭᠡ ᠶᠢᠨ ᠵᠠᠬ᠎ᠠ ᠵᠡᠭᠡᠯᠢ ᠶᠢᠨ ᠣᠷᠣᠯᠴᠠᠭ᠎ᠠ ᠲᠠᠢ ᠪᠠᠷ ᠬᠡᠷᠡᠭᠵᠢᠭᠦᠯᠬᠦ ᠪᠣᠯᠤᠮᠵᠢ ᠭᠡᠬᠦ ᠵᠡᠷᠭᠡ ᠣᠯᠠᠨ ᠠᠰᠠᠭᠤᠳᠠᠯ ᠢᠶᠠᠷ ᠰᠠᠨᠠᠯ ᠪᠣᠳᠣᠯ ᠢᠶᠠᠨ ᠰᠣᠯᠢᠯᠴᠠᠵᠤ᠂ ᠴᠢᠨᠠᠭᠰᠢᠳᠠ ᠢᠳᠡᠪᠬᠢᠲᠡᠢ ᠬᠠᠮᠲᠤᠷᠠᠨ ᠠᠵᠢᠯᠯᠠᠬᠤ ᠰᠣᠨᠢᠷᠬᠠᠯᠲᠠᠢ ᠪᠠᠶᠢᠭ᠎ᠠ ᠪᠠᠨ ᠲᠠᠯ᠎ᠠ ᠨᠤᠭᠤᠳ ᠢᠯᠡᠷᠬᠡᠶᠢᠯᠡᠯ᠎ᠡ᠃

ᠰᠡᠳᠬᠢᠭᠳᠡᠯ ᠦᠯᠡᠳᠡᠭᠡᠬᠦ