ᠰᠢᠭᠦᠭᠴᠢ ᠶᠢᠨ ᠲᠠᠯ᠎ᠠ ᠪᠠᠷ ᠶᠡᠬᠡ ᠬᠤᠷᠠᠯ ᠤᠨ ᠳᠠᠷᠤᠭ᠎ᠠ ᠶᠠᠷᠢᠭ᠎ᠠ ᠦᠭᠡᠢ  | News.MN

ᠰᠢᠭᠦᠭᠴᠢ ᠶᠢᠨ ᠲᠠᠯ᠎ᠠ ᠪᠠᠷ ᠶᠡᠬᠡ ᠬᠤᠷᠠᠯ ᠤᠨ ᠳᠠᠷᠤᠭ᠎ᠠ ᠶᠠᠷᠢᠭ᠎ᠠ ᠦᠭᠡᠢ 

ᠰᠠᠯᠬᠢᠲᠤ ᠶᠢᠨ ᠮᠥᠩᠭᠥᠨ ᠦ ᠣᠷᠳᠣ ᠲᠠᠢ ᠬᠣᠯᠪᠣᠭᠠᠲᠠᠢ ᠪᠠᠷ 7 ᠰᠢᠭᠦᠭᠴᠢ 125 ᠰᠠᠶ᠎ᠠ ᠳ᠋ᠣᠯᠯᠠᠷ ᠤᠨ ᠠᠪᠯᠢᠭ᠎ᠠ ᠠᠪᠤᠭᠰᠠᠨ ᠨᠢ ᠪᠠᠲᠤᠯᠠᠭᠳᠠᠭᠰᠠᠨ ᠭᠡᠵᠦ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠬᠡᠯᠡᠭᠰᠡᠨ ᠭᠡᠵᠦ ᠵᠠᠷᠢᠮ ᠬᠡᠪᠯᠡᠯ ᠮᠡᠳᠡᠭᠡᠯᠡᠯ ᠦᠨ ᠬᠡᠷᠡᠭᠰᠡᠯ ᠢᠶᠡᠷ ᠮᠡᠳᠡᠭᠡᠯᠡᠭᠰᠡᠨ ᠳᠦ ᠤᠯᠤᠰ ᠤᠨ ᠶᠡᠬᠡ ᠬᠤᠷᠠᠯ ᠤᠨ ᠬᠡᠪᠯᠡᠯ ᠮᠡᠳᠡᠭᠡᠯᠡᠯ ᠣᠯᠠᠨ ᠨᠡᠶᠢᠲᠡ ᠲᠡᠢ ᠬᠠᠷᠢᠯᠴᠠᠬᠤ ᠬᠡᠯᠲᠡᠰ ᠦᠨ ᠳᠠᠷᠤᠭ᠎ᠠ ᠰ∙ᠪᠠᠲᠤᠪᠠᠭᠠᠲᠤᠷ ᠲᠠᠶᠢᠯᠪᠤᠷᠢ᠂ ᠨᠢᠴᠤᠭᠠᠯᠲᠠ ᠬᠢᠯ᠎ᠡ ᠄
ᠮᠣᠩᠭᠣᠯ ᠤᠯᠤᠰ ᠤᠨ ᠦᠨᠳᠦᠰᠦᠨ ᠬᠠᠤᠯᠢ ᠳᠤ ᠤᠷᠤᠭᠤᠯᠬᠤ ᠨᠡᠮᠡᠯᠲᠡ ᠥᠭᠡᠷᠡᠴᠢᠯᠡᠯᠲᠡ ᠶᠢᠨ ᠲᠥᠰᠥᠯ ᠢ ᠲᠠᠨᠢᠯᠴᠠᠭᠤᠯᠵᠤ᠂ ᠢᠷᠭᠡᠳ ᠦᠨ ᠰᠠᠨᠠᠭ᠎ᠠ ᠪᠣᠳᠣᠯ ᠢ ᠰᠤᠨᠤᠰᠬᠤ ᠠᠵᠢᠯ ᠢ ᠤᠯᠤᠰ ᠤᠨ ᠶᠡᠬᠡ ᠬᠤᠷᠠᠯ ᠤᠨ ᠭᠡᠰᠢᠭᠦᠳ ᠲᠣᠭᠣᠷᠢᠭ ᠲᠤ ᠪᠠᠨ ᠵᠣᠬᠢᠶᠠᠨ ᠪᠠᠶᠢᠭᠤᠯᠵᠤ ᠪᠠᠶᠢᠨ᠎ᠠ᠃ ᠠᠭᠤᠯᠵᠠᠯᠲᠠ ᠳᠤ ᠣᠷᠣᠯᠴᠠᠭᠰᠠᠨ ᠢᠷᠭᠡᠳ ᠦᠨ ᠳᠡᠶᠢᠯᠦᠩᠬᠢ ᠣᠯᠠᠩᠬᠢ ᠨᠢ ᠥᠭᠡᠷᠡᠴᠢᠯᠡᠯᠲᠡ ᠶᠢ ᠬᠤᠭᠤᠴᠠᠭ᠎ᠠ ᠠᠯᠳᠠᠵᠤ᠂ ᠬᠣᠶᠢᠰᠢᠯᠠᠭᠤᠯᠤᠯ ᠦᠭᠡᠢ ᠬᠢᠬᠦ ᠨᠢ ᠵᠥᠪ ᠭᠡᠵᠦ ᠳᠡᠮᠵᠢᠵᠦ ᠪᠠᠶᠢᠨ᠎ᠠ᠃
ᠢᠷᠭᠡᠳ ᠡᠴᠡ ᠰᠢᠭᠦᠬᠦ ᠪᠠᠶᠢᠭᠤᠯᠤᠯᠭ᠎ᠠ ᠶᠢ ᠰᠢᠨᠡᠳᠭᠡᠬᠦ᠂ ᠰᠢᠭᠦᠭᠴᠢ ᠶᠢᠨ ᠶᠣᠰᠣ ᠵᠦᠢ ᠶᠢ ᠵᠥᠷᠢᠴᠡᠭᠰᠡᠨ ᠡᠲᠡᠭᠡᠳ ᠦᠳ ᠲᠦ ᠬᠠᠲᠠᠭᠤ ᠬᠠᠷᠢᠭᠤᠴᠠᠯᠭ᠎ᠠ ᠲᠣᠭᠠᠴᠠᠳᠠᠭ ᠪᠣᠯᠬᠤ᠂ ᠤᠯᠤᠰ ᠤᠨ ᠶᠡᠬᠡ ᠬᠤᠷᠠᠯ ᠤᠨ ᠭᠡᠰᠢᠭᠦᠨ ᠢ ᠡᠭᠡᠭᠦᠯᠦᠨ ᠲᠠᠲᠠᠳᠠᠭ ᠪᠠᠶᠢᠬᠤ ᠠᠰᠠᠭᠤᠳᠠᠯ ᠢ ᠣᠯᠠᠨᠲᠠ ᠬᠥᠨᠳᠡᠵᠦ ᠪᠠᠶᠢᠭ᠎ᠠ ᠶᠢ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠬᠡᠯᠡᠵᠦ᠂ ᠡᠳᠡᠭᠡᠷ ᠰᠠᠨᠠᠯ ᠢ ᠳᠡᠮᠵᠢᠵᠦ ᠪᠠᠶᠢᠭ᠎ᠠ ᠪᠠᠨ ᠢᠯᠡᠷᠬᠡᠶᠢᠯᠡᠭᠰᠡᠨ᠃ ᠬᠠᠷᠢᠨ  ᠰᠠᠯᠬᠢᠲᠤ ᠶᠢᠨ ᠮᠥᠩᠭᠥᠨ ᠦ ᠣᠷᠳᠣ ᠶᠢ ᠬᠠᠤᠯᠢ ᠪᠤᠰᠤ ᠪᠠᠷ ᠥᠮᠴᠢᠯᠡᠬᠦ ᠭᠡᠰᠡᠨ ᠡᠲᠡᠭᠡᠳ ᠦᠳ ᠡᠴᠡ 7 ᠰᠢᠭᠦᠭᠴᠢ 125 ᠰᠠᠶ᠎ᠠ ᠳ᠋ᠣᠯᠯᠠᠷ ᠤᠨ ᠠᠪᠯᠢᠭ᠎ᠠ ᠠᠪᠤᠭᠰᠠᠨ ᠲᠤᠬᠠᠢ ᠶᠠᠷᠢᠭ᠎ᠠ ᠦᠭᠡᠢ ᠪᠣᠯᠤᠨ᠎ᠠ᠃ ᠡᠶᠢᠨ ᠬᠦ ᠵᠣᠷᠢᠭᠤᠳᠠ ᠰᠠᠨᠠᠭ᠎ᠠ ᠲᠠᠢ ᠪᠠᠷ ᠭᠤᠪᠢᠭᠤᠯᠤᠭᠰᠠᠨ ᠮᠡᠳᠡᠭᠡᠯᠡᠯ ᠲᠠᠷᠬᠠᠭᠠᠵᠤ ᠪᠠᠶᠢᠭ᠎ᠠ ᠳᠤ ᠬᠠᠷᠠᠮᠰᠠᠵᠤ᠂ ᠠᠯᠪᠠᠨ ᠶᠣᠰᠣᠨ ᠤ ᠨᠢᠴᠤᠭᠠᠯᠲᠠ ᠬᠢᠵᠦ ᠪᠠᠶᠢᠨ᠎ᠠ ᠭᠡᠵᠡᠢ᠃

ᠰᠡᠳᠬᠢᠭᠳᠡᠯ ᠦᠯᠡᠳᠡᠭᠡᠬᠦ