ᠮᠣᠩᠭᠣᠯ ᠧᠦ᠋ᠷᠣᠫᠠ ᠶᠢᠨ ᠬᠣᠯᠪᠣᠭᠠᠨ ᠤ ᠬᠤᠷᠠᠯᠳᠤᠭᠠᠨ ᠡᠬᠢᠯᠡᠯ᠎ᠡ  | News.MN

ᠮᠣᠩᠭᠣᠯ ᠧᠦ᠋ᠷᠣᠫᠠ ᠶᠢᠨ ᠬᠣᠯᠪᠣᠭᠠᠨ ᠤ ᠬᠤᠷᠠᠯᠳᠤᠭᠠᠨ ᠡᠬᠢᠯᠡᠯ᠎ᠡ 

ᠭᠠᠳᠠᠭᠠᠳᠤ ᠬᠠᠷᠢᠯᠴᠠᠭᠠᠨ ᠤ ᠶᠠᠮᠤᠨ ᠳᠤ ᠶᠠᠭ ᠣᠳᠣ ᠮᠣᠩᠭᠣᠯ ᠤᠯᠤᠰ᠂ ᠧᠦ᠋ᠷᠣᠫᠠ ᠶᠢᠨ ᠬᠣᠯᠪᠣᠭᠠᠨ ᠤ ᠬᠠᠮᠲᠤ ᠶᠢᠨ ᠠᠵᠢᠯᠯᠠᠭᠠᠨ ᠤ ᠬᠠᠮᠲᠤᠷᠠᠭᠰᠠᠨ ᠬᠣᠷᠢᠶᠠᠨ ᠤ 19 ᠳ᠋ᠤᠭᠡᠷ ᠬᠤᠷᠠᠯᠳᠤᠭᠠᠨ ᠪᠣᠯᠵᠤ ᠪᠠᠶᠢᠨ᠎ᠠ᠃
ᠬᠤᠷᠠᠯᠳᠤᠭᠠᠨ ᠳᠤ ᠮᠣᠩᠭᠣᠯ ᠤᠯᠤᠰ ᠢ ᠲᠥᠯᠦᠭᠡᠯᠡᠵᠦ ᠭᠠᠳᠠᠭᠠᠳᠤ ᠬᠠᠷᠢᠯᠴᠠᠭᠠᠨ ᠤ ᠰᠠᠶᠢᠳ ᠳ ∙ ᠴᠣᠭᠲᠤᠪᠠᠭᠠᠲᠤᠷ᠂ ᠧᠦ᠋ᠷᠣᠫᠠ ᠶᠢᠨ ᠬᠣᠯᠪᠣᠭᠠᠨ ᠤ ᠲᠠᠯ᠎ᠠ ᠠᠴᠠ ᠧᠦ᠋ᠷᠣᠫᠠ ᠶᠢᠨ ᠭᠠᠳᠠᠭᠠᠳᠤ ᠬᠠᠷᠢᠯᠴᠠᠭᠠᠨ ᠤ ᠠᠯᠪᠠᠨ ᠤ ᠠᠽᠢᠶ᠎ᠠ᠂ ᠨᠣᠮᠣᠬᠠᠨ ᠳᠠᠯᠠᠢ ᠶᠢᠨ ᠣᠷᠣᠨ ᠨᠤᠭᠤᠳ ᠤᠨ ᠭᠠᠵᠠᠷ ᠤᠨ ᠵᠠᠬᠢᠷᠤᠯ ᠭ∙ᠸᠢᠭᠠᠨᠳ᠋ ᠨᠠᠷ ᠣᠷᠣᠯᠴᠠᠵᠤ᠂ ᠬᠣᠶᠠᠷ ᠲᠠᠯ᠎ᠠ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ᠂ ᠪᠥᠰᠡ ᠨᠤᠲᠤᠭ ᠪᠣᠯᠤᠨ ᠣᠯᠠᠨ ᠤᠯᠤᠰ ᠤᠨ ᠬᠠᠷᠢᠯᠴᠠᠭᠠᠨ ᠤ ᠲᠠᠯ᠎ᠠ ᠪᠠᠷ ᠬᠡᠯᠡᠯᠴᠡᠵᠦ ᠪᠠᠶᠢᠨ᠎ᠠ᠃ ᠥᠨᠥᠳᠥᠷ 17.15 ᠴᠠᠭ ᠲᠤ ᠭᠠᠳᠠᠭᠠᠳᠤ ᠬᠠᠷᠢᠯᠴᠠᠭᠠᠨ ᠤ ᠶᠠᠮᠤᠨ ᠤ ︽ᠮᠤᠲᠤᠷ ᠤᠨ ᠲᠦᠰᠢᠶ᠎ᠡ︾ ᠲᠠᠩᠬᠢᠮ ᠳᠤ ᠮᠣᠩᠭᠣᠯ ᠤᠯᠤᠰ᠂ ᠧᠦ᠋ᠷᠣᠫᠠ ᠶᠢᠨ ᠬᠣᠯᠪᠣᠭᠠᠨ ᠤ ᠬᠠᠮᠲᠤ ᠶᠢᠨ ᠠᠵᠢᠯᠯᠠᠭᠠᠨ ᠤ ᠬᠠᠮᠲᠤᠷᠠᠭᠰᠠᠨ ᠮᠡᠳᠡᠭᠳᠡᠯ ᠳᠦ ᠭᠠᠷ ᠤᠨ ᠦᠰᠦᠭ ᠵᠢᠷᠤᠬᠤ ᠶᠤᠮ᠃ ᠬᠣᠶᠠᠷ ᠲᠠᠯ᠎ᠠ ᠶᠢᠨ ᠬᠤᠷᠠᠯᠳᠤᠭᠠᠨ ᠲᠣᠭᠲᠠᠮᠠᠯ ᠪᠣᠯᠳᠠᠭ ᠪᠥᠭᠡᠳ 17 ᠳ᠋ᠤᠭᠠᠷ ᠬᠤᠷᠠᠯᠳᠤᠭᠠᠨ 2017 ᠣᠨ ᠳᠤ ᠤᠯᠠᠭᠠᠨᠪᠠᠭᠠᠲᠤᠷ ᠲᠤ᠂ 18 ᠳ᠋ᠤᠭᠠᠷ ᠬᠤᠷᠠᠯᠳᠤᠭᠠᠨ ᠥᠩᠭᠡᠷᠡᠭᠰᠡᠨ ᠣᠨ ᠳᠤ ᠪᠠᠷᠦ᠋ᠰᠰᠸᠯ ᠬᠤᠲᠠ ᠳᠤ ᠪᠣᠯᠤᠭᠰᠠᠨ ᠶᠤᠮ᠃

ᠰᠡᠳᠬᠢᠭᠳᠡᠯ ᠦᠯᠡᠳᠡᠭᠡᠬᠦ