ᠠᠮᠧᠷᠢᠺᠠ  ᠲᠧᠭᠨᠢᠭ᠂ ᠲᠣᠨᠣᠭ ᠲᠥᠬᠥᠭᠡᠷᠦᠮᠵᠢ ᠦᠭᠭᠦᠯ᠎ᠡ | News.MN

ᠠᠮᠧᠷᠢᠺᠠ  ᠲᠧᠭᠨᠢᠭ᠂ ᠲᠣᠨᠣᠭ ᠲᠥᠬᠥᠭᠡᠷᠦᠮᠵᠢ ᠦᠭᠭᠦᠯ᠎ᠡ

ᠮᠣᠩᠭᠣᠯ ᠠᠮᠧᠷᠢᠺᠠ ᠶᠢᠨ ᠵᠠᠰᠠᠭ ᠤᠨ ᠭᠠᠵᠠᠷ ᠪᠣᠯᠤᠨ ᠪᠠᠲᠤᠯᠠᠨ ᠬᠠᠮᠠᠭᠠᠯᠠᠬᠤ ᠶᠠᠮᠤᠨ ᠬᠣᠭᠣᠷᠣᠨᠳᠣ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠬᠦᠷᠢᠶᠡᠨ ᠳᠦ ᠠᠮᠧᠷᠢᠺᠠ  ᠮᠠᠨ ᠤ ᠤᠯᠤᠰ ᠤᠨ ᠵᠡᠪᠰᠡᠭᠲᠦ ᠬᠦᠴᠦᠨ ᠳᠦ ᠪᠤᠴᠠᠯᠲᠠ ᠦᠭᠡᠢ ᠲᠤᠰᠠᠯᠠᠮᠵᠢ ᠪᠠᠷ ᠢᠨᠵᠧᠨᠧᠷ ᠦᠨ ᠲᠧᠭᠨᠢᠭ ᠦᠳ ᠨᠡᠶᠢᠯᠡᠭᠦᠯᠦᠯ᠎ᠡ᠃ ᠲᠤᠰᠠᠯᠠᠮᠵᠢ ᠶᠢᠨ ᠡᠬᠢᠨ ᠦ ᠲᠧᠭᠨᠢᠭ ᠲᠣᠨᠣᠭ ᠲᠥᠬᠥᠭᠡᠷᠦᠮᠵᠢ ᠨᠦᠭᠦᠳ ᠢ ᠵᠢᠷᠭᠤᠳᠤᠭᠠᠷ ᠰᠠᠷ᠎ᠠ ᠶᠢᠨ 26 ᠤ ᠡᠳᠦᠷ ᠵᠡᠪᠰᠡᠭᠲᠦ ᠬᠦᠴᠦᠨ ᠦ 015 ᠳ᠋ᠤᠭᠠᠷ ᠠᠩᠭᠢ ᠳᠤ ᠬᠦᠯᠢᠶᠡᠯᠭᠡᠨ ᠥᠭᠭᠦᠭᠰᠡᠨ ᠪᠥᠭᠡᠳ ᠤᠭ ᠠᠷᠭ᠎ᠠ ᠬᠡᠮᠵᠢᠶᠡᠨ ᠳᠦ ᠪᠠᠲᠤᠯᠠᠨ ᠬᠠᠮᠠᠭᠠᠯᠠᠬᠤ ᠶᠢᠨ ᠰᠠᠶᠢᠳ ᠨ∙ᠡᠩᠬᠡᠪᠣᠯᠤᠳ᠂ ᠠᠮᠧᠷᠢᠺᠠ ᠶᠢᠨ ᠮᠣᠩᠭᠣᠯ ᠳᠦ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠰ∙ᠺᠯᠧᠴᠧᠰᠺᠢ᠂ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠨᠢᠭᠡᠳᠦᠭᠡᠷ ᠣᠷᠣᠯᠠᠭᠴᠢ ᠳᠠᠷᠤᠭ᠎ᠠ᠂ ᠬᠣᠰᠢᠭᠤᠴᠢ ᠭᠧᠨᠧᠷᠠᠯ ᠷ∙ᠰᠦᠬᠡᠪᠠᠲᠤ ᠨᠠᠷ ᠤᠨ ᠠᠯᠪᠠᠨ ᠤ ᠬᠦᠮᠦᠰ ᠣᠷᠣᠯᠴᠠᠯ᠎ᠠ᠃
ᠡᠨᠡ ᠦᠶ᠎ᠡ ᠪᠡᠷ ᠪᠠᠲᠤᠯᠠᠨ ᠬᠠᠮᠠᠭᠠᠯᠠᠬᠤ ᠶᠢᠨ ᠰᠠᠶᠢᠳ ᠨ∙ᠡᠩᠬᠡᠪᠣᠯᠤᠳ ᠬᠡᠯᠡᠭᠰᠡᠨ ᠦᠭᠡᠨ ᠳᠦ ᠪᠡᠨ ᠄ ᠠᠮᠧᠷᠢᠺᠠ ᠶᠢᠨ ᠵᠠᠰᠠᠭ ᠤᠨ ᠭᠠᠵᠠᠷ᠂ ᠪᠠᠲᠤᠯᠠᠨ ᠬᠠᠮᠠᠭᠠᠯᠠᠬᠤ ᠶᠠᠮᠤᠨ ᠠᠴᠠ ᠮᠣᠩᠭᠣᠯ ᠤᠯᠤᠰ ᠤᠨ ᠵᠡᠪᠰᠡᠭᠲᠦ ᠬᠦᠴᠦᠨ ᠦ ᠰᠢᠨᠡᠴᠢᠯᠡᠯ ᠢ ᠲᠤᠤᠱᠲᠠᠢ ᠳᠡᠮᠵᠢᠵᠦ᠂ ᠪᠦᠬᠦ ᠲᠠᠯ᠎ᠠ ᠶᠢᠨ ᠳᠡᠮᠵᠢᠯᠭᠡ ᠲᠤᠰᠠᠯᠠᠯᠴᠠᠭ᠎ᠠ ᠦᠵᠡᠭᠦᠯᠵᠦ ᠢᠷᠡᠭᠰᠡᠨ ᠢ ᠶᠠᠭᠤᠨ ᠤ ᠡᠮᠦᠨ᠎ᠡ ᠳᠤᠷᠠᠳᠤᠶ᠎ᠠ᠃ ᠬᠣᠶᠠᠷ ᠤᠯᠤᠰ ᠤᠨ ᠪᠠᠲᠤᠯᠠᠨ ᠬᠠᠮᠠᠭᠠᠯᠠᠬᠤ ᠰᠠᠯᠪᠤᠷᠢ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠰᠢᠨᠡᠯᠢᠭ ᠠᠭᠤᠯᠭ᠎ᠠ ᠪᠠᠷ ᠬᠥᠭᠵᠢᠭᠦᠯᠵᠦ᠂ ᠦᠷ᠎ᠡ ᠦᠭᠭᠦᠭᠡᠵᠢ ᠶᠢ ᠨᠡᠮᠡᠭᠳᠡᠭᠦᠯᠬᠦ ᠳᠦ ᠢᠳᠡᠪᠬᠢ ᠰᠠᠨᠠᠭᠠᠴᠢᠯᠭ᠎ᠠ ᠲᠠᠢ ᠠᠵᠢᠯᠯᠠᠵᠤ ᠪᠠᠶᠢᠭ᠎ᠠ ᠡᠷᠬᠢᠮ ᠡᠯᠴᠢᠨ ᠰᠠᠶᠢᠳ ᠪᠣᠯᠤᠨ ᠪᠠᠲᠤᠯᠠᠨ ᠬᠠᠮᠠᠭᠠᠯᠠᠬᠤ ᠶᠢᠨ ᠠᠲᠲ᠋ᠠᠱᠧ ᠨᠠᠷ ᠲᠤ ᠲᠠᠯᠠᠷᠬᠠᠯ ᠢᠯᠡᠷᠬᠡᠶᠢᠯᠡᠶ᠎ᠡ᠃ ᠬᠦᠯᠢᠶᠡᠨ ᠠᠪᠤᠭᠰᠠᠨ ᠲᠧᠭᠨᠢᠭ᠂ ᠲᠣᠨᠣᠭ ᠲᠥᠬᠥᠭᠡᠷᠦᠮᠵᠢ ᠨᠦᠭᠦᠳ ᠢ ᠴᠡᠷᠢᠭ ᠦᠨ ᠠᠯᠪᠠᠨ ᠤ ᠴᠢᠳᠠᠪᠬᠢ ᠶᠢ ᠨᠡᠮᠡᠭᠳᠡᠭᠦᠯᠬᠦ ᠳᠦ ᠪᠦᠷᠢᠨ ᠠᠰᠢᠭᠯᠠᠨ᠎ᠠ ᠭᠡᠰᠡᠨ ᠶᠤᠮ᠃

ᠰᠡᠳᠬᠢᠭᠳᠡᠯ ᠦᠯᠡᠳᠡᠭᠡᠬᠦ