ᠬᠠᠪᠤᠷ ᠤᠨ ᠴᠢᠭᠤᠯᠭᠠᠨ ᠤ ᠬᠤᠭᠤᠴᠠᠭ᠎ᠠ ᠶᠢ ᠰᠤᠩᠭᠠᠯ᠎ᠠ | News.MN

ᠬᠠᠪᠤᠷ ᠤᠨ ᠴᠢᠭᠤᠯᠭᠠᠨ ᠤ ᠬᠤᠭᠤᠴᠠᠭ᠎ᠠ ᠶᠢ ᠰᠤᠩᠭᠠᠯ᠎ᠠ

ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠳᠡᠷᠭᠡᠳᠡᠬᠢ ᠵᠥᠪᠯᠡᠯ ᠥᠨᠥᠳᠥᠷ ︵2019.06.28︶ ᠬᠤᠷᠠᠯᠳᠤᠵᠤ᠂ ᠬᠠᠪᠤᠷ ᠤᠨ ᠡᠭᠡᠯᠵᠢᠲᠦ ᠴᠢᠭᠤᠯᠭᠠᠨ ᠤ ᠬᠤᠭᠤᠴᠠᠭ᠎ᠠ ᠶᠢ ᠰᠤᠩᠭᠠᠬᠤ ᠨᠢ ᠵᠦᠢᠲᠡᠢ ᠭᠡᠵᠦ ᠦᠵᠡᠭᠰᠡᠨ ᠪᠠᠶᠢᠨ᠎ᠠ᠃ ᠡᠭᠦᠨ ᠲᠡᠢ ᠬᠣᠯᠪᠣᠭᠳᠠᠭᠤᠯᠤᠨ ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ︽ ᠴᠢᠭᠤᠯᠭᠠᠨ ᠤ ᠬᠤᠭᠤᠴᠠᠭ᠎ᠠ ᠶᠢ ᠰᠤᠩᠭᠠᠬᠤ ᠲᠤᠬᠠᠢ︾ ᠵᠠᠬᠢᠷᠤᠮᠵᠢ ᠭᠠᠷᠭᠠᠵᠠᠢ᠃ ᠵᠠᠬᠢᠷᠤᠮᠵᠢ ᠳᠤ ᠮᠣᠩᠭᠣᠯ ᠤᠯᠤᠰ ᠤᠨ ᠶᠡᠬᠡ ᠬᠤᠷᠠᠯ ᠤᠨ 2019 ᠣᠨ ᠤ ᠬᠠᠪᠤᠷ ᠤᠨ ᠡᠭᠡᠯᠵᠢᠲᠦ ᠴᠢᠭᠤᠯᠭᠠᠨ ᠤ ᠬᠤᠭᠤᠴᠠᠭ᠎ᠠ ᠶᠢ 2019 ᠣᠨ ᠤ ᠳᠣᠯᠣᠳᠤᠭᠠᠷ ᠰᠠᠷ᠎ᠠ ᠶᠢᠨ 10  ‍ᠣ ᠡᠳᠦᠷ ᠢ ᠳᠠᠭᠤᠰᠲᠠᠯ᠎ᠠ ᠰᠤᠩᠭᠠᠬᠤ ᠪᠠᠷ  ᠵᠢᠭᠠᠵᠠᠢ᠃ ᠵᠠᠬᠢᠷᠤᠮᠵᠢ ᠶᠢᠨ ᠬᠣᠶᠠᠳᠤᠭᠠᠷ ᠵᠢᠭᠠᠯᠲᠠ ᠪᠠᠷ ᠮᠣᠩᠭᠣᠯ ᠤᠯᠤᠰ ᠤᠨ ᠦᠨᠳᠦᠰᠦᠨ ᠬᠠᠤᠯᠢ ᠳᠤ ᠤᠷᠤᠭᠤᠯᠬᠤ ᠨᠡᠮᠡᠯᠲᠡ ᠥᠭᠡᠷᠡᠴᠢᠯᠡᠯᠲᠡ ᠶᠢᠨ ᠲᠥᠰᠥᠯ ᠦᠨ ᠬᠡᠯᠡᠯᠴᠡᠭᠦᠯᠭᠡ ᠪᠠᠷ ᠢᠷᠭᠡᠳ ᠢ ᠮᠡᠳᠡᠭᠡᠯᠡᠯ ᠢᠶᠡᠷ ᠬᠠᠩᠭᠠᠵᠤ᠂ ᠲᠠᠨᠢᠯᠴᠠᠭᠤᠯᠭ᠎ᠠ ᠬᠢᠬᠦ᠂ ᠢᠷᠭᠡᠳ ᠤᠨ ᠭᠠᠷᠭᠠᠭᠰᠠᠨ ᠰᠠᠨᠠᠯ ᠢ ᠨᠢᠭᠡᠳᠬᠡᠨ ᠶᠡᠬᠡ ᠬᠤᠷᠠᠯ ᠤᠨ ᠲᠥᠷᠥ ᠶᠢᠨ ᠪᠠᠶᠢᠭᠤᠯᠤᠯᠲᠠ ᠶᠢᠨ ᠪᠠᠶᠢᠩᠭᠤ ᠶᠢᠨ ᠬᠣᠷᠢᠶᠠᠨ ᠳᠤ ᠢᠷᠡᠭᠦᠯᠬᠦ ᠶᠢ ᠤᠯᠤᠰ ᠤᠨ ᠶᠡᠬᠡ ᠬᠤᠷᠠᠯ ᠤᠨ ᠭᠡᠰᠢᠭᠦᠳ ᠲᠦ ᠳᠠᠭᠠᠭᠠᠯᠭᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ