ᠲᠤᠯᠭᠤᠷ ᠲᠥᠷᠥ ᠶᠢᠨ 2228᠂ ᠶᠡᠬᠡ ᠮᠣᠩᠭᠣᠯ ᠤᠯᠤᠰ ᠤᠨ 813 ᠵᠢᠯ᠂ ᠠᠷᠠᠳ ᠤᠨ ᠬᠤᠪᠢᠰᠬᠠᠯ ᠤᠨ 98 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ︽ᠠᠶᠢᠲ᠋ᠢᠰᠺᠸᠷ︾ ᠬᠣᠯᠪᠣᠭᠠᠨ ᠠᠴᠠ ᠠᠶᠢᠲ᠋ᠢᠰ ᠪᠤᠶᠤ ᠬᠠᠷᠢᠯᠴᠠᠭ᠎ᠠ ᠳᠠᠭᠤᠤ ᠶᠢᠨ ᠣᠯᠠᠨ ᠤᠯᠤᠰ ᠤᠨ ᠲᠡᠮᠡᠴᠡᠭᠡᠨ ᠢ ᠥᠯᠥᠭᠡᠢ ᠬᠤᠲᠠ ᠳᠤ ᠢᠷᠡᠬᠦ ᠳᠣᠯᠣᠳᠤᠭᠠᠷ ᠰᠠᠷ᠎ᠠ ᠶᠢᠨ 11 ᠍ ᠦ ᠡᠳᠦᠷ ᠵᠣᠬᠢᠶᠠᠨ ᠪᠠᠶᠢᠭᠤᠯᠬᠤ ᠪᠠᠷ ᠪᠣᠯᠵᠠᠢ᠃ ᠬᠠᠰᠠᠭ ᠤᠨ ᠠᠷᠠᠳ ᠲᠦᠮᠡᠨ ᠦ ᠵᠠᠩ ᠵᠠᠩᠰᠢᠯ᠂ ᠤᠷᠠᠯᠢᠭ᠂ ᠰᠤᠶᠤᠯ ᠢ ᠰᠤᠷᠲᠠᠯᠴᠢᠯᠠᠬᠤ ᠵᠣᠷᠢᠯᠭ᠎ᠠ ᠲᠠᠢ ᠤᠭ ᠲᠡᠮᠡᠴᠡᠭᠡᠨ ᠳᠦ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ᠂ ᠬᠠᠰᠠᠭᠰᠲ᠋ᠠᠨ ᠤᠯᠤᠰ᠂ ᠮᠣᠩᠭᠣᠯ ᠤᠯᠤᠰ ᠤᠨ ᠪᠠᠶᠠᠨ-ᠥᠯᠥᠭᠡᠢ᠂ ᠬᠣᠪᠳᠣ ᠠᠶᠢᠮᠠᠭ ᠠᠴᠠ ᠨᠠᠶᠢᠷᠠᠭᠴᠢᠳ ᠤᠷᠤᠯᠴᠠᠬᠤ ᠠᠵᠠᠢ᠃
ᠳᠠᠰᠢᠷᠠᠮ ᠳᠤ ᠳᠤᠷᠠᠳᠬᠤ ᠳᠤ᠂ ᠠᠶᠢᠲ᠋ᠢᠰ ᠨᠢ ᠬᠠᠰᠠᠭ ᠲᠦᠮᠡᠨ ᠦ ᠡᠷᠲᠡᠨ ᠡᠴᠡ ᠤᠯᠠᠮᠵᠢᠯᠠᠭᠳᠠᠨ ᠢᠷᠡᠭᠰᠡᠨ ᠬᠠᠷᠢᠯᠴᠠᠭ᠎ᠠ ᠳᠠᠭᠤᠤ ᠶᠢᠨ ᠬᠡᠯᠪᠡᠷᠢ ᠲᠡᠢ ᠢᠵᠠᠭᠤᠷ ᠤᠷᠠᠯᠢᠭ ᠶᠤᠮ᠃ ᠤᠭ ᠲᠡᠮᠡᠴᠡᠭᠡᠨ ᠳᠦ ᠣᠷᠣᠯᠴᠠᠭᠰᠠᠳ ᠤᠷᠢᠳᠴᠢᠯᠠᠨ ᠶᠠᠮᠠᠷ ᠨᠢᠭᠡᠨ ᠪᠡᠯᠡᠳᠬᠡᠯ ᠬᠢᠬᠦ ᠦᠭᠡᠢ ᠪᠡᠷ ᠲᠤᠬᠠᠢ ᠶᠢᠨ ᠪᠠᠶᠢᠳᠠᠯ᠂ ᠪᠠᠶᠠᠷ ᠶᠣᠰᠣᠯᠠᠯ ᠤᠨ ᠠᠭᠤᠯᠭ᠎ᠠ ᠳᠤ ᠨᠡᠶᠢᠴᠡᠭᠦᠯᠦᠨ ᠰᠠᠨᠠᠭᠠᠨ ᠠᠴᠠ ᠪᠠᠨ ᠵᠣᠬᠢᠶᠠᠨ ᠳᠣᠮᠪᠣᠷᠳᠠᠵᠤ ᠳᠠᠭᠤᠯᠠᠨ᠎ᠠ᠃ ᠨᠠᠶᠢᠷᠠᠭᠴᠢᠳ ᠲᠤᠬᠠᠢ ᠶᠢᠨ ᠪᠠᠶᠠᠷ ᠶᠣᠰᠣᠯᠠᠯ ᠤᠨ ᠲᠤᠬᠠᠢ ᠬᠡᠯᠡᠯᠴᠡᠵᠦ ᠮᠡᠳᠬᠡᠯᠴᠡᠬᠦ ᠡᠴᠡ ᠭᠠᠳᠠᠨ᠎ᠠ ᠨᠡᠶᠢᠭᠡᠮ ᠤᠨ ᠣᠯᠤᠯᠲᠠ ᠲᠠᠢ ᠪᠠ ᠳᠤᠲᠠᠭᠳᠠᠯ ᠲᠠᠢ ᠲᠠᠯ᠎ᠠ ᠶᠢ ᠴᠤ ᠮᠥᠨ ᠳᠠᠭᠤᠤ ᠳᠤ ᠪᠠᠨ ᠢᠯᠡᠷᠬᠡᠶᠢᠯᠡᠵᠦ ᠭᠠᠷᠭᠠᠳᠠᠭ ᠢᠶᠠᠷ ᠢᠶᠠᠨ ᠣᠨᠴᠠᠯᠢᠭ ᠲᠠᠢ᠃