ᠬᠠᠷ᠎ᠠ ᠲᠠᠮᠠᠬᠢ ᠬᠡᠷᠡᠭᠯᠡᠭᠰᠡᠨ ᠵᠠᠯᠠᠭᠤᠰ ᠢ ᠰᠠᠭᠠᠲᠠᠭᠤᠯᠵᠠᠢ | News.MN

ᠬᠠᠷ᠎ᠠ ᠲᠠᠮᠠᠬᠢ ᠬᠡᠷᠡᠭᠯᠡᠭᠰᠡᠨ ᠵᠠᠯᠠᠭᠤᠰ ᠢ ᠰᠠᠭᠠᠲᠠᠭᠤᠯᠵᠠᠢ

ᠬᠠᠷ᠎ᠠ ᠲᠠᠮᠠᠬᠢ ᠬᠡᠷᠡᠭᠯᠡᠭᠰᠡᠨ ᠪᠦᠯᠦᠭ ᠵᠠᠯᠠᠭᠤᠰ ᠢ ᠰᠠᠭᠠᠲᠠᠭᠤᠯᠵᠠᠢ᠃ ᠲᠣᠳᠣᠷᠠᠭᠤᠯᠪᠠᠯ᠂ ᠵᠢᠷᠭᠤᠳᠤᠭᠠᠷ ᠰᠠᠷ᠎ᠠ ᠶᠢᠨ 28 – 29 ᠍ ᠳᠦ ᠰᠢᠯᠵᠢᠬᠦ ᠰᠥᠨᠢ ᠶᠢᠨ 01.30 ᠴᠠᠭ ᠤᠨ ᠣᠷᠴᠢᠮ ᠳᠤ ᠴᠡᠩᠭᠡᠯᠲᠡᠢ ᠳᠡᠭᠦᠷᠭᠡ ᠶᠢᠨ ᠨᠢᠭᠡᠳᠦᠭᠡᠷ ᠬᠣᠷᠢᠶᠠᠨ ᠤ ᠨᠤᠲᠤᠭ ᠳᠡᠪᠢᠰᠬᠡᠷ ᠲᠦ ᠦᠢᠯᠡ ᠠᠵᠢᠯᠯᠠᠭ᠎ᠠ ᠶᠠᠪᠤᠭᠤᠯᠳᠠᠭ ᠠᠵᠤ ᠠᠬᠤᠢ ᠶᠢᠨ ᠨᠢᠭᠡᠴᠡ ᠳᠦ ᠬᠠᠷ᠎ᠠ ᠲᠠᠮᠠᠬᠢ ᠬᠡᠷᠡᠭᠯᠡᠭᠰᠡᠨ ᠬᠦᠮᠦᠰ ᠪᠠᠶᠢᠨ᠎ᠠ ᠭᠡᠰᠡᠨ ᠮᠡᠳᠡᠭᠡᠯᠡᠯ ᠴᠠᠭᠳᠠᠭ᠎ᠠ ᠶᠢᠨ ᠪᠠᠶᠢᠭᠤᠯᠤᠯᠭ᠎ᠠ ᠳᠤ ᠢᠷᠡᠵᠡᠢ᠃
ᠲᠤᠰ ᠮᠡᠳᠡᠭᠡᠯᠡᠯ ᠦᠨ ᠳᠠᠭᠠᠤ ᠴᠡᠩᠭᠡᠯᠲᠡᠢ ᠳᠡᠭᠦᠷᠭᠡ ᠶᠢᠨ ᠴᠠᠭᠳᠠᠭ᠎ᠠ ᠶᠢᠨ ᠨᠢᠭᠡᠳᠦᠭᠡᠷ ᠬᠡᠯᠲᠡᠰ ᠦᠨ ᠰᠢᠭᠤᠷᠬᠠᠢ ᠪᠦᠷᠢᠯᠳᠦᠬᠦᠨ ᠰᠢᠯᠭᠠᠬᠤ ᠳᠤ 28 ᠨᠠᠰᠤᠲᠠᠢ ᠡᠮᠡᠭᠲᠡᠢ ᠣ᠂ 19 ᠨᠠᠰᠤᠲᠠᠢ ᠡᠷᠡᠭᠲᠡᠢ ᠲ᠂ 34 ᠨᠠᠰᠤᠲᠠᠢ ᠡᠷᠡᠭᠲᠡᠢ ᠡ᠂ 21 ᠨᠠᠰᠤᠲᠠᠢ ᠡᠷᠡᠭᠲᠡᠢ ᠲ ᠨᠠᠷ ᠰᠡᠳᠬᠢᠴᠡ ᠳᠦ ᠨᠦᠯᠦᠭᠡᠯᠡᠬᠦ ᠪᠡᠯᠡᠳᠦᠮᠡᠯ ᠬᠡᠷᠡᠭᠯᠡᠭᠰᠡᠨ ᠪᠠᠶᠢᠭᠰᠠᠨ ᠢ ᠦᠢᠯᠡᠳᠦᠯ ᠳᠡᠭᠡᠷ᠎ᠡ ᠨᠢ ᠢᠯᠡᠷᠡᠭᠦᠯᠵᠡᠢ᠃

ᠰᠡᠳᠬᠢᠭᠳᠡᠯ ᠦᠯᠡᠳᠡᠭᠡᠬᠦ