ᠵᠤᠨ ᠪᠤᠯᠲ᠋ᠤᠨ ᠢ ᠬᠦᠯᠢᠶᠡᠨ ᠠᠪᠴᠦ ᠠᠭᠤᠯᠵᠠᠪᠠ | News.MN

ᠵᠤᠨ ᠪᠤᠯᠲ᠋ᠤᠨ ᠢ ᠬᠦᠯᠢᠶᠡᠨ ᠠᠪᠴᠦ ᠠᠭᠤᠯᠵᠠᠪᠠ

ᠮᠣᠩᠭᠣᠯ ᠤᠯᠤᠰ ᠲᠤ ᠠᠶᠢᠯᠴᠢᠯᠠᠵᠤ ᠪᠤᠢ ᠠᠮᠧᠷᠢᠺᠠ ᠶᠢᠨ ᠶᠡᠷᠦᠩᠬᠡᠶᠢᠯᠡᠭᠴᠢ ᠶᠢᠨ ᠦᠨᠳᠦᠰᠦᠨ ᠦ ᠠᠶᠤᠯᠭᠦᠢ ᠪᠠᠶᠢᠳᠠᠯ ᠤᠨ ᠵᠦᠪᠯᠡᠬᠦ᠂ ᠡᠯᠴᠢᠨ ᠰᠠᠶᠢᠳ ᠵᠤᠨ ᠪᠤᠯᠲ᠋ᠤᠨ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠳᠤ ᠪᠠᠷᠠᠭᠠᠯᠬᠠᠯ᠎ᠠ᠃ ᠡᠯᠴᠢᠨ ᠰᠠᠶᠢᠳ ᠵᠤᠨ ᠪᠤᠯᠲ᠋ᠤᠨ  ᠤ ᠡᠨᠡ ᠤᠳᠠᠭ᠎ᠠ ᠶᠢᠨ ᠠᠶᠢᠯᠴᠢᠯᠠᠯ ᠨᠢ ᠬᠣᠶᠠᠷ ᠣᠷᠣᠨ ᠤ ᠡᠳ᠋ ᠦᠨ ᠵᠠᠰᠠᠭ᠂ ᠴᠡᠷᠢᠭ ᠦᠨ ᠬᠠᠮᠲᠤ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠬᠦ᠂ ᠮᠥᠨ ᠪᠤᠰᠤᠳ ᠰᠠᠯᠪᠤᠷᠢ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭᠵᠢᠭᠦᠯᠬᠦ ᠠᠰᠠᠭᠤᠳᠠᠯ ᠢᠶᠠᠷ ᠰᠠᠨᠠᠯ ᠪᠣᠳᠣᠯ ᠢᠶᠠᠨ ᠰᠤᠯᠢᠯᠴᠠᠬᠤ ᠪᠣᠯᠤᠮᠵᠢ ᠭᠡᠵᠦ ᠦᠵᠡᠵᠦ ᠪᠤᠢ ᠪᠠᠨ ᠢᠯᠡᠷᠬᠡᠶᠢᠯᠡᠪᠡ᠃ ᠮᠥᠨ ᠮᠣᠩᠭᠣᠯ ᠤᠯᠤᠰ ᠤᠨ ᠵᠡᠪᠰᠡᠭᠲᠦ ᠬᠦᠴᠦᠨ ᠦ ᠡᠩᠬᠡ ᠶᠢ ᠳᠡᠮᠵᠢᠬᠦ ᠠᠵᠢᠯᠯᠠᠭᠠᠨ ᠳᠤ ᠣᠷᠣᠭᠤᠯᠵᠤ ᠪᠤᠢ ᠬᠤᠪᠢ ᠨᠡᠮᠡᠷᠢ ᠶᠢ ᠠᠮᠸᠷᠢᠺᠠ ᠶᠢᠨ ᠵᠠᠰᠠᠭ ᠤᠨ ᠭᠠᠵᠠᠷ ᠥᠨᠳᠥᠷ ᠢᠶᠡᠷ ᠦᠨᠡᠯᠡᠳᠡᠭ ᠢ ᠢᠯᠡᠷᠬᠡᠶᠢᠯᠡᠪᠡ᠃

ᠶᠡᠷᠦᠩᠬᠡᠶᠢᠯᠡᠭᠴᠢ ᠬ∙ᠪᠠᠲᠤᠲᠤᠯᠭ᠎ᠠ᠄ ᠠᠮᠧᠷᠢᠺᠠ ᠶᠢᠨ ᠨᠢᠭᠡᠳᠦᠭᠰᠡᠨ ᠤᠯᠤᠰ ᠤᠨ ᠺᠤᠩᠷᠸᠰᠰ ᠲᠤ ᠳᠠᠬᠢᠨ ᠡᠷᠭᠦᠨ ᠪᠠᠷᠢᠭᠰᠠᠨ ︽ᠭᠤᠷᠪᠠᠳᠠᠭᠴᠢ ᠬᠥᠷᠰᠢ ᠶᠢᠨ ᠬᠤᠳᠠᠯᠳᠤᠭᠠᠨ ᠤ ᠲᠤᠬᠠᠢ︾ ᠬᠠᠤᠯᠢ ᠨᠢ ᠣᠶᠣᠮᠠᠯ᠂ ᠰᠦᠯᠵᠢᠮᠡᠯ ᠪᠦᠲᠦᠭᠡᠭᠳᠡᠬᠦᠨ ᠦ ᠰᠠᠯᠪᠤᠷᠢ ᠳᠤ ᠠᠵᠢᠯ ᠤᠨ ᠪᠠᠶᠢᠷᠢ ᠶᠢ ᠣᠯᠠᠨ ᠢᠶᠠᠷ ᠨᠡᠮᠡᠭᠳᠡᠭᠦᠯᠬᠦ ᠡᠴᠡ ᠭᠠᠳᠠᠨ᠎ᠠ ᠮᠣᠩᠭᠣᠯ ᠤᠯᠤᠰ ᠤᠨ ᠡᠳ᠋ ᠍ ᠦᠨ ᠵᠠᠰᠠᠭ ᠤᠨ ᠠᠶᠤᠯᠭᠦᠢ ᠪᠠᠶᠢᠳᠠᠯ ᠢ ᠬᠠᠩᠭᠠᠬᠤ ᠵᠡᠷᠭᠡ ᠠᠴᠢ ᠬᠣᠯᠪᠣᠭᠳᠠᠯ ᠲᠠᠢ ᠬᠡᠮᠡᠪᠡ᠃

ᠰᠡᠳᠬᠢᠭᠳᠡᠯ ᠦᠯᠡᠳᠡᠭᠡᠬᠦ