ᠲᠠᠶᠢᠸᠠᠨ ᠲᠠᠢ ᠬᠠᠮᠲᠤᠷᠠᠨ ᠠᠵᠢᠯᠯᠠᠬᠤ ᠲᠠᠯ᠎ᠠ ᠪᠠᠷ ᠰᠠᠨᠠᠯ ᠰᠣᠯᠢᠯᠴᠠᠯ᠎ᠠ | News.MN

ᠲᠠᠶᠢᠸᠠᠨ ᠲᠠᠢ ᠬᠠᠮᠲᠤᠷᠠᠨ ᠠᠵᠢᠯᠯᠠᠬᠤ ᠲᠠᠯ᠎ᠠ ᠪᠠᠷ ᠰᠠᠨᠠᠯ ᠰᠣᠯᠢᠯᠴᠠᠯ᠎ᠠ

ᠮᠣᠩᠭᠣᠯ ᠤᠯᠤᠰ ᠤᠨ ᠶᠡᠬᠡ ᠬᠤᠷᠠᠯ ᠤᠨ ᠭᠡᠰᠢᠭᠦᠨ ᠽ∙ᠨᠠᠷᠠᠨᠲᠤᠶᠠᠭ᠎ᠠ ᠲᠠᠶᠢᠸᠠᠨ ᠤ ᠡᠷᠡᠭᠦᠯ ᠮᠡᠨᠳᠦ᠂ ᠨᠡᠶᠢᠭᠡᠮ ᠤᠨ ᠬᠠᠮᠠᠭᠠᠯᠠᠯ ᠤᠨ ᠳᠡᠳ᠋ ᠰᠠᠶᠢᠳ ᠯᠢ ᠴᠢᠶᠦ᠋ᠨ ᠰᠦ ᠲᠡᠷᠢᠭᠦᠲᠡᠢ ᠲᠥᠯᠥᠭᠡᠯᠡᠭᠴᠢᠳ ᠢ ᠥᠨᠥᠳᠥᠷ ᠬᠦᠯᠢᠶᠡᠨ ᠠᠪᠴᠤ ᠠᠭᠤᠯᠵᠠᠪᠠ᠃ ᠠᠭᠤᠯᠵᠠᠯᠲᠠ ᠪᠠᠷ ᠭᠡᠷ ᠪᠦᠯᠢ᠂ ᠨᠡᠶᠢᠭᠡᠮ ᠤᠨ ᠬᠠᠮᠠᠭᠠᠯᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠪᠣᠯᠤᠮᠵᠢ ᠶᠢᠨ ᠲᠠᠯ᠎ᠠ ᠪᠠᠷ ᠰᠠᠨᠠᠯ ᠰᠣᠯᠢᠯᠴᠠᠭᠰᠠᠨ ᠶᠤᠮ᠃ ᠽ∙ᠨᠠᠷᠠᠨᠲᠤᠶᠠᠭ᠎ᠠ ᠭᠡᠰᠢᠭᠦᠨ᠄ ᠬᠣᠶᠠᠷ ᠲᠠᠯ᠎ᠠ ᠶᠢᠨ ᠬᠠᠷᠢᠯᠴᠠᠭ᠎ᠠ ᠡᠳ᠋ ᠍ ᠦᠨ ᠵᠠᠰᠠᠭ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠡᠷᠡᠭᠦᠯ ᠮᠡᠨᠳᠦ ᠭᠡᠳ ᠣᠯᠠᠨ ᠰᠠᠯᠪᠤᠷᠢ ᠳᠤ ᠠᠮᠵᠢᠯᠲᠠᠲᠠᠢ ᠥᠷᠨᠢᠵᠦ ᠪᠠᠶᠢᠭ᠎ᠠ ᠴᠤ ᠨᠡᠶᠢᠭᠡᠮ ᠤᠨ ᠬᠠᠮᠠᠭᠠᠯᠠᠯ ᠤᠨ ᠬᠠᠮᠲᠤ ᠶᠢᠨ ᠠᠵᠢᠯᠯᠠᠭ᠎ᠠ ᠲᠡᠳᠦᠶᠢᠯᠡᠨ ᠰᠠᠶᠢᠨ ᠪᠢᠰᠢ᠃ ᠡᠨᠡ ᠤᠳᠠᠭ᠎ᠠ ᠶᠢᠨ ᠫᠠᠷᠯᠠᠮᠧᠨᠲ ᠬᠠᠮᠤᠭ ᠤᠨ ᠣᠯᠠᠨ ᠪᠤᠶᠤ 13 ᠡᠮᠡᠭᠲᠡᠢ ᠭᠡᠰᠢᠭᠦᠨ ᠲᠡᠢ᠃ ᠪᠢᠳᠡ ᠬᠡᠦᠬᠡᠳ᠂ ᠭᠡᠷ ᠪᠦᠯᠢ᠂ ᠨᠡᠶᠢᠭᠡᠮ ᠤᠨ ᠬᠠᠮᠠᠭᠠᠯᠠᠯ ᠤᠨ ᠠᠰᠠᠭᠤᠳᠠᠯ ᠳᠤ ᠣᠨᠴᠠᠭᠠᠢ ᠠᠩᠬᠠᠷᠴᠤ᠂ ᠨᠠᠮ ᠬᠠᠷᠠᠭᠠᠯᠵᠠᠬᠤ ᠦᠭᠡᠢ ᠨᠢᠭᠲᠠ ᠬᠠᠮᠲᠤᠷᠠᠨ ᠠᠵᠢᠯᠯᠠᠳᠠᠭ᠃ 2016 ᠣᠨ ᠳᠤ ︽ᠭᠡᠷ ᠪᠦᠯᠢ ᠶᠢᠨ ᠬᠦᠴᠦᠷᠬᠡᠶᠢᠯᠡᠯ ᠲᠡᠢ ᠲᠡᠮᠡᠴᠡᠬᠦ ᠲᠤᠬᠠᠢ︾ ᠬᠠᠤᠯᠢ ᠶᠢ ᠪᠠᠲᠤᠯᠠᠨ᠂ ᠬᠡᠷᠡᠭᠵᠢᠭᠦᠯᠵᠦ ᠪᠠᠶᠢᠨ᠎ᠠ᠃ ᠭᠡᠷ ᠪᠦᠯᠢ ᠰᠠᠯᠤᠯᠲᠠ ᠶᠢᠨ ᠲᠣᠭ᠎ᠠ ᠶᠡᠬᠡ ᠪᠠᠶᠢᠭ᠎ᠠ ᠨᠢ ᠵᠠᠯᠠᠭᠤᠴᠤᠳ ᠤᠨ ᠬᠠᠷᠢᠯᠴᠠᠭ᠎ᠠ᠂ ᠬᠠᠨᠳᠤᠯᠭ᠎ᠠ ᠲᠠᠢ ᠬᠣᠯᠪᠣᠭᠠᠲᠠᠢ᠃ ᠮᠥᠨ ᠨᠡᠶᠢᠭᠡᠮ ᠤᠨ ᠪᠠᠶᠢᠳᠠᠯ᠂ ᠠᠷᠢᠬᠢᠳᠠᠯᠲᠠ ᠵᠡᠷᠭᠡ ᠨᠥᠯᠦᠭᠡᠯᠡᠳᠡᠭ᠃ ᠡᠶᠢᠮᠦ ᠳᠦ ᠪᠢᠳᠡ ᠵᠠᠯᠠᠭᠤᠴᠤᠳ ᠲᠤ ᠭᠡᠷ ᠪᠦᠯᠢ ᠲᠥᠯᠥᠪᠯᠡᠯᠲᠡ᠂ ᠬᠠᠷᠢᠯᠴᠠᠭ᠎ᠠ ᠬᠠᠨᠳᠤᠯᠭ᠎ᠠ ᠶᠢᠨ ᠲᠠᠯ᠎ᠠ ᠶᠢᠨ ᠮᠡᠳᠡᠯᠭᠡ᠂ ᠮᠡᠳᠡᠭᠡᠯᠡᠯ ᠣᠯᠭᠤᠬᠤ ᠳᠤ ᠠᠩᠬᠠᠷᠴᠤ ᠠᠵᠢᠯᠯᠠᠵᠤ ᠪᠠᠶᠢᠨ᠎ᠠ ᠭᠡᠯ᠎ᠡ᠃

ᠲᠠᠶᠢᠸᠠᠨ ᠤ ᠡᠷᠡᠭᠦᠯ ᠮᠡᠨᠳᠦ᠂ ᠨᠡᠶᠢᠭᠡᠮ ᠤᠨ ᠬᠠᠮᠠᠭᠠᠯᠠᠯ ᠤᠨ ᠳᠡᠳ᠋ ᠰᠠᠶᠢᠳ ᠯᠢ ᠴᠢᠶᠦ᠋ᠨ ᠰᠦ᠄ ᠮᠠᠨ ᠤ ᠬᠢ ᠨᠡᠶᠢᠭᠡᠮ ᠤᠨ ᠠᠵᠢᠯᠲᠠᠳ ᠢ ᠴᠢᠳᠠᠪᠬᠢᠵᠢᠭᠤᠯᠬᠤ ᠳᠤ ᠣᠨᠴᠠᠭᠠᠢ ᠠᠩᠬᠠᠷᠳᠠᠭ᠃ ᠥᠩᠭᠡᠷᠡᠭᠰᠡᠨ ᠣᠨ ᠳᠤ ᠭᠡᠷ ᠪᠦᠯᠢ ᠶᠢᠨ ᠪᠣᠯᠪᠠᠰᠤᠷᠠᠯ ᠤᠨ ᠲᠤᠬᠠᠢ ᠬᠠᠤᠯᠢ ᠶᠢ ᠪᠠᠲᠤᠯᠠᠭᠰᠠᠨ᠃ ᠳᠡᠭᠦᠷᠭᠡ᠂ ᠬᠣᠷᠢᠶ᠎ᠠ ᠪᠦᠷᠢ ᠳᠦ ᠨᠡᠶᠢᠭᠡᠮ ᠤᠨ ᠠᠵᠢᠯᠲᠠᠨ ᠢ ᠠᠵᠢᠯᠯᠠᠭᠤᠯᠵᠤ᠂ ᠵᠠᠯᠠᠭᠤᠴᠤᠳ ᠲᠤ ᠭᠡᠷ ᠪᠦᠯᠢ ᠪᠣᠯᠬᠤ ᠠᠴᠠ ᠨᠢ ᠡᠮᠦᠨ᠎ᠡ ᠵᠠᠪᠠᠯ ᠭᠡᠷ ᠪᠦᠯᠢ ᠲᠥᠯᠥᠪᠯᠡᠯᠲᠡ ᠶᠢᠨ ᠲᠤᠰᠬᠠᠢ ᠰᠤᠷᠭᠠᠯᠲᠠ ᠳᠤ ᠬᠠᠮᠤᠷᠤᠭᠤᠯᠬᠤ ᠪᠠᠷ ᠵᠣᠬᠢᠴᠠᠭᠤᠯᠤᠭᠰᠠᠨ᠃ ᠢᠩᠭᠢᠭᠰᠡᠨ ᠢᠶᠡᠷ ᠵᠠᠯᠠᠭᠤ ᠭᠡᠷ ᠪᠦᠯᠢ ᠶᠢᠨ ᠰᠠᠯᠤᠯᠲᠠ ᠪᠠᠭᠠᠰᠤᠨ᠎ᠠ ᠭᠡᠵᠦ ᠦᠵᠡᠵᠦ ᠪᠠᠶᠢᠭ᠎ᠠ᠃ ᠤᠷᠢᠳᠤ ᠨᠢ ᠪᠢᠳᠡ ᠵᠥᠪᠬᠡᠨ ᠭᠡᠷ ᠪᠦᠯᠢ ᠶᠢᠨ ᠬᠦᠴᠦᠷᠬᠡᠶᠢᠯᠡᠯ ᠳᠦ ᠥᠷᠲᠦᠭᠰᠡᠨ ᠬᠦᠮᠦᠰ ᠢ ᠨᠡᠶᠢᠭᠡᠮ ᠤᠨ ᠦᠢᠯᠡᠴᠢᠯᠡᠭᠡᠨ ᠳᠦ ᠬᠠᠮᠤᠷᠤᠭᠤᠯᠳᠠᠭ ᠪᠠᠶᠢᠭᠰᠠᠨ ᠪᠣᠯ ᠣᠳᠣ ᠬᠦᠴᠦᠷᠬᠡᠶᠢᠯᠡᠯ ᠦᠢᠯᠡᠳᠦᠭᠴᠢ ᠨᠠᠷ ᠢ ᠠᠯᠪᠠᠳᠠᠨ ᠰᠡᠳᠬᠢᠯ ᠵᠦᠢ ᠶᠢᠨ ᠪᠣᠯᠤᠨ ᠪᠤᠰᠤᠳ ᠡᠮᠴᠢᠯᠡᠭᠡ᠂ ᠰᠤᠷᠭᠠᠯᠲᠠ ᠳᠤ ᠬᠠᠮᠤᠷᠤᠭᠤᠯᠬᠤ ᠳᠤ ᠠᠩᠬᠠᠷᠴᠤ ᠪᠠᠶᠢᠨ᠎ᠠ᠃ ᠮᠥᠨ ᠬᠡᠦᠬᠡᠳ ᠲᠦ ᠪᠠᠭ᠎ᠠ ᠠᠴᠠ ᠨᠢ ᠨᠠᠰᠤᠨ ᠤ ᠣᠨᠴᠠᠯᠢᠭ ᠲᠤ ᠲᠣᠬᠢᠷᠠᠭᠤᠯᠤᠨ ᠠᠯᠢᠪᠠ ᠬᠡᠯᠪᠡᠷᠢ ᠶᠢᠨ ᠬᠦᠴᠦᠷᠬᠡᠶᠢᠯᠡᠯ ᠦᠨ ᠮᠡᠳᠡᠭᠡᠯᠡᠯ ᠢ ᠥᠭᠳᠡᠭ᠃ ᠬᠡᠦᠬᠡᠳ ᠦᠳ ᠥᠪᠡᠷ ᠲᠦ ᠪᠣᠯᠤᠨ ᠬᠥᠷᠰᠢ ᠠᠶᠢᠯ ᠳᠤ ᠨᠢ ᠪᠣᠯᠵᠤ ᠪᠠᠶᠢᠭ᠎ᠠ ᠪᠦᠬᠦ ᠮᠡᠳᠡᠭᠡᠯᠡᠯ ᠢ ᠴᠠᠭᠳᠠᠭ᠎ᠠ ᠶᠢᠨ ᠪᠠᠶᠢᠭᠤᠯᠤᠯᠭ᠎ᠠ ᠳᠤ ᠮᠡᠳᠡᠭᠡᠯᠡᠳᠡᠭ ᠪᠣᠯᠤᠭᠰᠠᠨ᠃ ᠬᠠᠮᠤᠭ ᠤᠨ ᠴᠢᠬᠤᠯᠠ ᠨᠢ ᠴᠠᠭᠳᠠᠭ᠎ᠠ᠂ ᠨᠡᠶᠢᠭᠡᠮ ᠤᠨ ᠠᠵᠢᠯᠲᠠᠳ ᠬᠤᠪᠢ ᠬᠦᠮᠦᠨ ᠦ ᠮᠡᠳᠡᠭᠡᠯᠡᠯ ᠢ ᠮᠠᠰᠢ ᠰᠠᠶᠢᠨ ᠬᠠᠮᠠᠭᠠᠯᠠᠳᠠᠭ ᠪᠠᠶᠢᠬᠤ ᠶᠣᠰᠣᠲᠠᠢ ᠭᠡᠳ ᠨᠡᠶᠢᠭᠡᠮ ᠤᠨ  ᠠᠵᠢᠯᠲᠠᠳ ᠢ ᠰᠤᠷᠭᠠᠬᠤ᠂ ᠮᠡᠷᠭᠡᠰᠢᠭᠦᠯᠬᠦ ᠳᠦ ᠬᠠᠮᠲᠤᠷᠠᠨ ᠠᠵᠢᠯᠯᠠᠬᠤ ᠪᠣᠯᠤᠮᠵᠢ ᠲᠠᠢ ᠶᠢ  ᠲᠡᠮᠳᠡᠭᠯᠡᠯ᠎ᠡ ᠃

ᠰᠡᠳᠬᠢᠭᠳᠡᠯ ᠦᠯᠡᠳᠡᠭᠡᠬᠦ