ᠵᠢᠭᠡᠯᠡ ᠶᠢᠨ ᠬᠦᠦ 2.8  ᠬᠤᠪᠢ ᠪᠠᠷ ᠪᠠᠭᠤᠷᠠᠵᠠᠢ | News.MN

ᠵᠢᠭᠡᠯᠡ ᠶᠢᠨ ᠬᠦᠦ 2.8  ᠬᠤᠪᠢ ᠪᠠᠷ ᠪᠠᠭᠤᠷᠠᠵᠠᠢ

ᠮᠣᠩᠭᠣᠯ  ᠪᠠᠩᠭᠢ ᠥᠨᠥᠳᠥᠷ ᠡᠨᠡ ᠣᠨ ᠤ ᠡᠬᠢᠨ ᠦ ᠬᠠᠭᠠᠰ ᠵᠢᠯ ᠳᠦ ᠬᠢᠭᠰᠡᠨ ᠠᠵᠢᠯ ᠢᠶᠠᠨ ᠲᠠᠨᠢᠯᠴᠠᠭᠤᠯᠤᠯ᠎ᠠ᠃ ᠶᠠᠭᠤᠨ ᠤ ᠡᠮᠦᠨ᠎ᠡ  ᠲᠦᠪ ᠪᠠᠩᠭᠢ ᠮᠥᠩᠭᠥᠨ ᠦ ᠪᠣᠳᠣᠯᠭ᠎ᠠ ᠢᠨᠹᠯᠢᠶᠠᠼ ᠤᠨ ᠵᠣᠷᠢᠯᠲᠠ ᠶᠢ ᠬᠠᠩᠭᠠᠵᠤ ᠡᠳ᠋ ᠦᠨ ᠵᠠᠰᠠᠭ ᠤᠨ ᠥᠰᠦᠯᠲᠡ ᠶᠢ ᠳᠡᠮᠵᠢᠭᠰᠡᠨ ᠭᠡᠳᠡᠭ ᠢ ᠮᠣᠩᠭᠣᠯ  ᠪᠠᠩᠭᠢᠨ ᠤ ᠳᠡᠳ᠋ ᠶᠡᠷᠦᠩᠬᠡᠶᠢᠯᠡᠭᠴᠢ ᠪ ᠂ ᠯᠾᠬᠠᠪᠠᠰᠦ᠋ᠷᠤᠩ ᠣᠨᠴᠠᠯᠠᠵᠤ ᠪᠠᠶᠢᠪᠠ᠃ ᠲᠤᠬᠠᠶᠢᠯᠠᠪᠠᠯ᠂ ᠢᠨᠹᠯᠢᠶᠠᠼ ᠢ ᠲᠦᠪ ᠪᠠᠩᠭᠢᠨ ᠤ ᠵᠣᠷᠢᠯᠲᠠ ᠪᠤᠶᠤ 8 ᠣᠷᠴᠢᠮ ᠬᠤᠪᠢ ᠳᠤ ᠲᠣᠭᠲᠠᠪᠤᠷᠢᠵᠢᠭᠤᠯᠵᠤ᠂ ᠡᠳ᠋ ᠦᠨ ᠵᠠᠰᠠᠭ ᠤᠨ ᠥᠰᠦᠯᠲᠡ ᠰᠡᠭᠦᠯ ᠦᠨ ᠦᠶ᠎ᠡ ᠳᠦ ᠲᠣᠭᠲᠠᠮᠠᠯ ᠥᠰᠴᠦ᠂ ᠨᠢᠭᠡᠳᠦᠭᠡᠷ ᠤᠯᠠᠷᠢᠯ ᠳᠤ 8.6 ᠬᠤᠪᠢ ᠳᠤ  ᠬᠦᠷᠦᠯ᠎ᠡ ᠃

ᠵᠢᠭᠡᠯᠡ ᠶᠢᠨ ᠬᠦᠦ ᠶᠢ ᠪᠠᠭᠤᠷᠠᠭᠤᠯᠬᠤ ᠰᠲᠷᠠᠲ᠋ᠧᠭᠢ ᠶᠢ ᠬᠡᠷᠡᠭᠵᠢᠭᠦᠯᠦᠭᠰᠡᠨ ᠢᠶᠡᠷ ᠂ ᠰᠢᠨ᠎ᠡ ᠪᠡᠷ ᠣᠯᠭᠤᠭᠰᠠᠨ  ᠵᠢᠭᠡᠯᠡ ᠶᠢᠨ ᠵᠢᠩᠨᠡᠭᠰᠡᠨ ᠳᠤᠮᠳᠠᠴᠢ ᠬᠦᠦ ᠡᠨᠡ ᠣᠨ ᠤ ᠲᠠᠪᠤᠳᠤᠭᠠᠷ ᠰᠠᠷ᠎ᠠ ᠳᠤ 17 ᠬᠤᠪᠢ ᠳᠤ ᠬᠦᠷᠴᠡᠢ᠃ ᠡᠭᠦᠨ ᠢ ᠥᠩᠭᠡᠷᠡᠭᠰᠡᠨ ᠣᠨ ᠤ ᠲᠠᠪᠤᠳᠤᠭᠠᠷ ᠰᠠᠷ᠎ᠠ ᠲᠠᠢ ᠬᠠᠷᠢᠴᠠᠭᠤᠯᠬᠤ ᠳᠤ 2.8 ᠬᠤᠪᠢ ᠪᠠᠷ ᠪᠠᠭᠤᠷᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ