ᠸᠠᠯᠢᠶᠤᠲ ᠤᠨ ᠨᠥᠭᠡᠴᠡ ᠳᠥᠷᠪᠡᠨ ᠲᠡᠷᠪᠤᠮ ᠳ᠋ᠣᠯᠯᠠᠷ ᠲᠤ ᠬᠦᠷᠦᠯ᠎ᠡ | News.MN

 ᠸᠠᠯᠢᠶᠤᠲ ᠤᠨ ᠨᠥᠭᠡᠴᠡ ᠳᠥᠷᠪᠡᠨ ᠲᠡᠷᠪᠤᠮ ᠳ᠋ᠣᠯᠯᠠᠷ ᠲᠤ ᠬᠦᠷᠦᠯ᠎ᠡ

ᠮᠣᠩᠭᠣᠯ ᠤᠯᠤᠰ ᠤᠨ ᠭᠠᠳᠠᠭᠠᠳᠤ  ᠸᠠᠯᠢᠶᠤᠲ ᠤᠨ ᠨᠥᠭᠡᠴᠡ ᠳᠥᠷᠪᠡᠨ ᠲᠡᠷᠪᠤᠮ ᠳ᠋ᠣᠯᠯᠠᠷ ᠲᠤ ᠬᠦᠷᠦᠯ᠎ᠡ ᠃ ᠭᠠᠳᠠᠭᠠᠳᠤ ᠸᠠᠯᠢᠶᠤᠲ ᠤᠨ ᠨᠥᠭᠡᠴᠡ ᠶᠢᠨ ᠳᠣᠲᠣᠭᠠᠳᠤ ᠭᠣᠣᠯ ᠡᠬᠢ ᠡᠭᠦᠰᠪᠦᠷᠢ ᠨᠢ ᠠᠯᠲᠠ ᠪᠠᠶᠢᠳᠠᠭ᠃ ᠲᠡᠭᠡᠪᠡᠯ ᠲᠥᠪ ᠪᠠᠩᠬᠢ 2016 ᠣᠨ ᠳᠤ 18.6 ᠲᠣᠨ᠂ 2017 ᠣᠨ ᠳᠤ 20 ᠲᠣᠨ᠂ 2018 ᠣᠨ ᠳᠤ 22 ᠲᠣᠨ ᠠᠯᠲᠠ ᠬᠤᠳᠠᠯᠳᠤᠨ ᠠᠪᠴᠤ᠂ ᠵᠢᠯ ᠪᠦᠷᠢ 700-800 ᠰᠠᠶ᠎ᠠ ᠳ᠋ᠣᠯᠯᠠᠷ ᠪᠦᠷᠢᠳᠦᠭᠦᠯᠦᠭᠰᠡᠨ ᠪᠠᠶᠢᠳᠠᠭ᠃ ᠡᠨᠡ ᠣᠨ ᠤ ᠵᠢᠷᠭᠤᠳᠤᠭᠠᠷ ᠰᠠᠷ᠎ᠠ ᠶᠢᠨ ᠪᠠᠶᠢᠳᠠᠯ ᠢᠶᠠᠷ ᠭᠡᠬᠦ ᠳᠦ 6.8 ᠲᠣᠨ ᠠᠯᠳᠠ ᠬᠤᠳᠠᠯᠳᠤᠨ ᠠᠪᠴᠠᠢ᠃ ᠲᠡᠭᠦᠨᠴᠢᠯᠡᠨ ᠲᠣᠮᠣᠬᠠᠨ ᠡᠺᠰᠫᠣᠷᠲᠯᠠᠭᠴᠢ ᠺᠣᠮᠫᠠᠨᠢ ᠨᠤᠭᠤᠳ ᠲᠠᠢ ᠬᠡᠯᠡᠴᠡᠯ ᠬᠢᠬᠦ ᠵᠠᠮ ᠢᠶᠠᠷ ᠭᠠᠳᠠᠭᠠᠳᠤ ᠸᠠᠯᠢᠶᠤᠲ ᠬᠤᠳᠠᠯᠳᠤᠨ ᠠᠪᠴᠤ᠂ ᠨᠥᠭᠡᠴᠡ ᠨᠡᠮᠡᠭᠳᠡᠭᠦᠯᠳᠡᠭ᠃ ᠲᠤᠬᠠᠶᠢᠯᠠᠪᠠᠯ᠂ ᠥᠩᠭᠡᠷᠡᠭᠰᠡᠨ ᠣᠨ ᠳᠤ ︽ᠤᠭ᠍ᠶᠤᠲᠤᠯᠤᠭᠠᠢ︾ ᠺᠤᠮᠫᠠᠨᠢ ᠠᠴᠠ 282 ᠰᠠᠶ᠎ᠠ ᠳ᠋ᠣᠯᠯᠠᠷ᠂ ︽ᠡᠷᠳᠡᠨᠢᠲᠦ ᠦᠢᠯᠡᠳᠪᠦᠷᠢ︾ ᠡᠴᠡ 225 ᠰᠠᠶ᠎ᠠ ᠳ᠋ᠣᠯᠯᠠᠷ᠂  ︽ᠡᠷᠳᠡᠨᠢᠰ ᠲᠠᠪᠤᠨᠲᠣᠯᠣᠭᠠᠢ︾ ᠺᠤᠮᠫᠠᠨᠢ  ᠠᠴᠠ 207 ᠰᠠᠶ᠎ᠠ ᠳ᠋ᠣᠯᠯᠠᠷ ᠪᠤᠶᠤ ᠨᠡᠶᠢᠲᠡ 714 ᠰᠠᠶ᠎ᠠ ᠳ᠋ᠣᠯᠯᠠᠷ ᠢ ᠬᠤᠳᠠᠯᠳᠤᠭᠰᠠᠨ ᠠᠪᠤᠭᠰᠠᠨ᠃

ᠰᠡᠳᠬᠢᠭᠳᠡᠯ ᠦᠯᠡᠳᠡᠭᠡᠬᠦ