ᠢᠳᠡᠯᠢᠭ ᠱᠤᠩᠬᠤᠷ ᠢ ᠭᠠᠳᠠᠭᠠᠳᠤ ᠳᠤ ᠭᠠᠷᠭᠠᠬᠤ ᠦᠭᠡᠢ | News.MN

ᠢᠳᠡᠯᠢᠭ ᠱᠤᠩᠬᠤᠷ ᠢ ᠭᠠᠳᠠᠭᠠᠳᠤ ᠳᠤ ᠭᠠᠷᠭᠠᠬᠤ ᠦᠭᠡᠢ

ᠵᠠᠰᠠᠭ ᠤᠨ ᠭᠠᠵᠠᠷ ᠤᠨ ᠬᠤᠷᠠᠯᠳᠤᠭᠠᠨ 2019 ᠣᠨ ᠤ 07 ᠳ᠋ᠤᠭᠠᠷ ᠰᠠᠷ᠎ᠠ ᠶᠢᠨ 09 ᠍ ᠦ ᠡᠳᠦᠷ ᠪᠣᠯᠵᠤ ᠠᠰᠢᠭ ᠤᠯᠬᠤ ᠵᠣᠷᠢᠯᠭ᠎ᠠ ᠪᠠᠷ ᠢᠳᠡᠯᠢᠭ ᠱᠣᠩᠬᠣᠷ ᠰᠢᠪᠠᠭᠤ ᠶᠢ ᠭᠠᠳᠠᠭᠠᠳᠤ ᠤᠯᠤᠰ ᠲᠤ ᠭᠠᠷᠭᠠᠬᠤ ᠶᠢ ᠬᠣᠷᠢᠭᠯᠠᠭᠰᠠᠨ ᠰᠢᠢᠳᠪᠦᠷᠢ ᠶᠢ ᠲᠠᠪᠤᠨ ᠵᠢᠯ ᠦᠨ ᠬᠤᠭᠤᠴᠠᠭ᠎ᠠ ᠪᠠᠷ ᠰᠤᠩᠭᠠᠪᠠ᠃ ᠬᠠᠤᠯᠢ ᠪᠤᠰᠤ ᠪᠠᠷ ᠪᠠᠷᠢᠵᠤ ᠭᠠᠳᠠᠭᠠᠳᠤ ᠳᠤ ᠭᠠᠷᠭᠠᠬᠤ ᠶᠢ ᠵᠠᠪᠳᠤᠬᠤ ᠵᠡᠷᠭᠡ ᠡᠴᠡ ᠰᠡᠷᠭᠡᠶᠢᠯᠡᠵᠦ ᠠᠵᠢᠯᠯᠠᠬᠤ ᠶᠢ ᠬᠣᠯᠪᠣᠭᠳᠠᠬᠤ ᠰᠠᠶᠢᠳ ᠨᠠᠷ ᠲᠤ ᠡᠭᠦᠷᠭᠡ ᠪᠣᠯᠭᠠᠯ᠎ᠠ᠃  ᠵᠠᠰᠠᠭ ᠤᠨ ᠭᠠᠵᠠᠷ ᠤᠨ 2013 ᠣᠨ ᠤ 15 ᠳ᠋ᠤᠭᠠᠷ ᠲᠣᠭᠲᠠᠭᠠᠯ ᠢᠶᠠᠷ ᠢᠳᠡᠯᠢᠭ ᠱᠣᠩᠬᠣᠷ ᠰᠢᠪᠠᠭᠤ ᠶᠢ ᠠᠷᠠᠯᠵᠢᠶᠠᠨ ᠤ ᠵᠣᠷᠢᠭᠤᠯᠤᠯᠲᠠ ᠪᠠᠷ ᠭᠠᠳᠠᠭᠠᠳᠤ ᠤᠯᠤᠰ ᠲᠤ ᠭᠠᠷᠭᠠᠬᠤ ᠶᠢ ᠬᠣᠷᠢᠭᠯᠠᠨ 2015 ᠣᠨ ᠠᠴᠠ ᠬᠣᠶᠢᠰᠢ ᠠᠷᠠᠪ ᠤᠨ ᠣᠷᠣᠨ ᠨᠤᠭᠤᠳ ᠤᠨ ᠬᠠᠭᠠᠨ᠂ ᠱᠠᠾ ᠵᠡᠷᠭᠡ ᠥᠨᠳᠥᠷ ᠳᠡᠭᠡᠳᠦ ᠬᠡᠮᠵᠢᠶᠡᠨ ᠦ ᠲᠥᠯᠥᠭᠡᠯᠡᠭᠴᠢᠳ ᠲᠦ ᠵᠥᠪᠬᠡᠨ ᠰᠤᠶᠤᠯ ᠤᠨ ᠪᠤᠶᠤ ᠲᠤᠰᠬᠠᠢ ᠵᠣᠷᠢᠭᠤᠯᠤᠯᠲᠠ ᠪᠠᠷ ᠪᠡᠯᠡᠭᠯᠡᠨ ᠭᠠᠷᠭᠠᠵᠤ ᠪᠠᠶᠢᠨ᠎ᠠ᠃

ᠪᠠᠶᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠶᠠᠮᠤᠨ ᠥᠩᠭᠡᠷᠡᠭᠰᠡᠨ ᠬᠤᠭᠤᠴᠠᠭᠠᠨ ᠳᠤ ᠱᠣᠩᠬᠣᠷ ᠰᠢᠪᠠᠭᠤ ᠶᠢ ᠬᠠᠤᠯᠢ ᠪᠤᠰᠤ ᠪᠠᠷ ᠭᠠᠷᠭᠠᠬᠤ ᠦᠭᠡᠢ ᠪᠠᠶᠢᠬᠤ᠂ ᠬᠢᠨᠠᠯᠲᠠ ᠰᠢᠯᠭᠠᠯᠲᠠ ᠶᠢ ᠰᠠᠶᠢᠵᠢᠷᠠᠭᠤᠯᠬᠤ᠂ ᠥᠨᠳᠥᠷ ᠬᠦᠴᠦᠳᠡᠯ ᠳᠦ ᠴᠣᠬᠢᠭᠤᠯᠵᠤ ᠬᠣᠷᠣᠭᠳᠠᠬᠤ ᠠᠴᠠ ᠤᠷᠢᠳᠴᠢᠯᠠᠨ ᠰᠡᠷᠭᠡᠶᠢᠯᠡᠬᠦ ᠴᠢᠭᠯᠡᠯ ᠢᠶᠡᠷ ᠠᠵᠢᠯᠯᠠᠨ ᠲᠣᠭ᠎ᠠ ᠲᠣᠯᠣᠭᠠᠢ᠂ ᠲᠠᠷᠬᠠᠴᠠ᠂ ᠢᠳᠡᠰᠢ ᠲᠡᠵᠢᠭᠡᠯ ᠦᠨ ᠥᠭᠡᠷᠡᠴᠢᠯᠡᠯᠲᠡ ᠶᠢ ᠲᠣᠭᠲᠠᠭᠠᠬᠤ ᠤᠷᠲᠤ᠂ ᠳᠤᠮᠳᠠ ᠬᠤᠭᠤᠴᠠᠭᠠᠨ ᠤ ᠰᠤᠳᠤᠯᠭ᠎ᠠ ᠮᠣᠨᠢᠲ᠋ᠣᠷᠢᠨ᠂ ᠬᠥᠲᠥᠯᠪᠦᠷᠢ ᠬᠡᠷᠡᠭᠵᠢᠭᠦᠯᠵᠡᠢ᠃ ᠡᠭᠦᠨ ᠦ ᠳ᠋ᠦᠩ ᠳᠦ 2010 ᠣᠨ ᠳᠤ 6800 ᠪᠠᠶᠢᠭᠰᠠᠨ ᠱᠣᠩᠬᠣᠷ ᠰᠢᠪᠠᠭᠤ 2018 ᠣᠨ ᠤ ᠪᠠᠶᠢᠳᠠᠯ ᠢᠶᠠᠷ 10380 ᠪᠣᠯᠤᠭᠠᠳ ᠪᠠᠶᠢᠨ᠎ᠠ᠃ ᠭᠡᠬᠦ ᠳᠦ ᠪᠡᠨ ᠲᠣᠭ᠎ᠠ ᠲᠣᠯᠣᠭᠠᠢ ᠶᠢᠨ ᠥᠰᠦᠯᠲᠡ ᠨᠢ ᠠᠰᠢᠭ ᠤᠯᠬᠤ ᠵᠣᠷᠢᠯᠭ᠎ᠠ ᠪᠠᠷ ᠪᠠᠷᠢᠬᠤ ᠬᠡᠮᠵᠢᠶᠡᠨ ᠳᠦ ᠬᠦᠷᠬᠦ ᠦᠭᠡᠢ ᠲᠡᠳᠦᠢ ᠦᠭᠡᠢ᠂ ᠣᠯᠠᠨ ᠤᠯᠤᠰ ᠤᠨ ᠬᠡᠮᠵᠢᠶᠡᠨ ᠳᠦ ᠡᠮᠵᠡᠭ ᠠᠩᠭᠢᠯᠠᠯ ᠳᠤ ᠪᠠᠭᠲᠠᠳᠠᠭ ᠰᠢᠪᠠᠭᠤ ᠤᠴᠢᠷ ᠬᠣᠷᠢᠭᠯᠠᠭᠰᠠᠨ ᠬᠤᠭᠤᠴᠠᠭ᠎ᠠ ᠶᠢ ᠰᠤᠩᠭᠠᠬᠤ ᠨᠢ ᠵᠦᠢᠲᠡᠢ ᠭᠡᠵᠦ ᠦᠵᠡᠵᠡᠢ᠃

ᠰᠡᠳᠬᠢᠭᠳᠡᠯ ᠦᠯᠡᠳᠡᠭᠡᠬᠦ