ᠲᠸᠰᠤ᠋ ᠺᠤᠷᠫᠤᠷᠠᠼ ᠰᠢᠨᠡᠴᠢᠯᠡᠯᠲᠡ ᠬᠢᠯ᠎ᠡ | News.MN

ᠲᠸᠰᠤ᠋ ᠺᠤᠷᠫᠤᠷᠠᠼ ᠰᠢᠨᠡᠴᠢᠯᠡᠯᠲᠡ ᠬᠢᠯ᠎ᠡ

ᠲᠸᠰᠤ᠋ ᠺᠤᠷᠫᠤᠷᠠᠼ ᠨᠢ 2003 ᠣᠨ ᠠᠴᠠ ᠬᠣᠶᠢᠰᠢ ᠦᠢᠯᠡ ᠠᠵᠢᠯᠯᠠᠭ᠎ᠠ  ᠪᠠᠨ ᠶᠠᠪᠤᠭᠤᠯᠵᠤ ᠪᠠᠶᠢᠭ᠎ᠠ ᠮᠣᠩᠭᠣᠯ ᠤᠨ ᠲᠣᠮᠣᠬᠠᠨ ᠦᠨᠳᠦᠰᠦᠨ ᠦ ᠦᠢᠯᠡᠳᠪᠦᠷᠢᠯᠡᠭᠴᠢ ᠶᠤᠮ᠃ ᠲᠤᠰ ᠺᠣᠮᠫᠠᠨᠢ ᠨᠢ ᠪᠠᠶᠢᠭᠠᠯᠢ ᠶᠢᠨ ᠨᠥᠬᠥᠨ  ᠰᠡᠷᠭᠦᠭᠡᠭᠳᠡᠳᠡᠭ ᠨᠥᠭᠡᠴᠡ ᠪᠣᠯᠬᠤ ᠨᠡᠷᠡᠰ᠂ ᠴᠢᠴᠠᠷᠭᠠᠨ᠎ᠠ ᠵᠢᠮᠢᠰ ᠪᠣᠯᠤᠭᠠᠳ ᠮᠣᠩᠭᠣᠯ ᠤᠨ ᠤᠯᠠᠮᠵᠢᠯᠠᠯᠲᠤ ᠬᠦᠨᠡᠰᠦ ᠠᠭᠠᠷᠴᠠ ᠰᠦ ᠵᠡᠷᠭᠡ ᠶᠢ ᠠᠰᠢᠭᠯᠠᠨ ᠮᠡᠳᠡᠯᠭᠡ ᠳᠤ ᠰᠠᠭᠤᠷᠢᠯᠠᠭᠰᠠᠨ 170 ᠭᠠᠷᠤᠢ ᠪᠠᠷᠠᠭ᠎ᠠ ᠪᠦᠲᠦᠭᠡᠭᠳᠡᠬᠦᠨ ᠢ ᠦᠢᠯᠡᠳᠪᠦᠷᠢᠯᠡᠨ ᠳᠣᠲᠣᠭᠠᠳᠤ ᠶᠢᠨ ᠬᠡᠷᠡᠭᠴᠡᠭᠡ ᠶᠢ ᠬᠠᠩᠭᠠᠬᠤ ᠠᠴᠠ  ᠭᠠᠳᠠᠭᠠᠳᠤ ᠵᠠᠬ᠎ᠠ ᠵᠡᠭᠡᠯᠢ ᠳᠦ ᠠᠮᠵᠢᠯᠲᠠ ᠲᠠᠢ ᠡᠺᠰᠫᠣᠷᠲᠯᠠᠨ ᠠᠵᠢᠯᠯᠠᠵᠤ ᠪᠠᠶᠢᠨ᠎ᠠ᠃

ᠦᠨᠳᠦᠰᠦᠨ ᠦ ᠦᠢᠯᠡᠳᠪᠦᠷᠢᠯᠡᠭᠴᠢᠳ ᠦᠨ ᠬᠤᠪᠢ ᠳᠤ ᠬᠡᠷᠡᠭᠯᠡᠭᠴᠢᠳ ᠲᠦ ᠡᠴᠦᠰ ᠦᠨ ᠪᠦᠲᠦᠭᠡᠭᠳᠡᠬᠦᠨ ᠢ ᠲᠦᠷᠭᠡᠨ ᠰᠢᠭᠤᠷᠬᠠᠢ ᠡᠷᠡᠭᠦᠯ ᠠᠬᠤᠢ ᠶᠢᠨ ᠱᠠᠭᠠᠷᠳᠠᠯᠭ᠎ᠠ ᠬᠠᠩᠭᠠᠭᠰᠠᠨ ᠨᠥᠬᠥᠴᠡᠯ ᠳᠦ ᠬᠦᠷᠭᠡᠵᠦ ᠥᠭᠬᠦ ᠳᠦ ᠬᠠᠮᠤᠭ ᠤᠨ ᠴᠢᠬᠤᠯᠠ ᠨᠢ ᠪᠣᠷᠣᠯᠠᠭᠤᠯᠤᠯᠲᠠ ᠲᠦᠭᠡᠭᠡᠯᠲᠡ ᠶᠢᠨ ᠮᠠᠰᠢᠨ ᠪᠠᠶᠢᠳᠠᠭ᠃ ᠡᠶᠢᠮᠦ ᠳᠦ ᠲᠸᠰᠤ᠋ ᠺᠤᠷᠫᠤᠷᠠᠼ ᠨᠣᠮᠢᠨ ᠮᠤᠲ᠋ᠤᠷᠤᠰ ᠲᠠᠢ ᠬᠠᠮᠲᠤᠷᠠᠨ ᠶᠠᠫᠣᠨ ᠤ ᠨᠤᠮᠸᠷ ᠨᠢᠭᠡ  ᠪᠷᠡᠨᠳ᠋ isuzu  ᠮᠠᠷᠺ ᠤᠨ ᠪᠣᠷᠣᠯᠠᠭᠤᠯᠤᠯᠲᠠ ᠶᠢᠨ ᠮᠠᠰᠢᠨ ᠢᠶᠠᠷ ᠫᠠᠷᠺ ᠰᠢᠨᠡᠴᠢᠯᠡᠯᠲᠡ ᠬᠢᠵᠡᠢ ᠃

ᠰᠡᠳᠬᠢᠭᠳᠡᠯ ᠦᠯᠡᠳᠡᠭᠡᠬᠦ