ᠬᠠᠮᠲᠤ ᠶᠢᠨ ᠬᠥᠷᠥᠩᠭᠡ ᠣᠷᠣᠭᠤᠯᠤᠯᠲᠠ ᠶᠢᠨ ᠰᠠᠩ ᠠᠵᠢᠯᠯᠠᠨ᠎ᠠ | News.MN

ᠬᠠᠮᠲᠤ ᠶᠢᠨ ᠬᠥᠷᠥᠩᠭᠡ ᠣᠷᠣᠭᠤᠯᠤᠯᠲᠠ ᠶᠢᠨ ᠰᠠᠩ ᠠᠵᠢᠯᠯᠠᠨ᠎ᠠ

ᠰᠡᠭᠦᠯ ᠦᠨ ᠵᠢᠯ ᠦᠳ ᠲᠦ ᠬᠥᠷᠥᠩᠭᠡ ᠶᠢᠨ ᠵᠠᠬ᠎ᠠ ᠵᠡᠭᠡᠯᠢ ᠳᠦ ᠣᠯᠠᠨ ᠰᠢᠨ᠎ᠡ ᠦᠨᠡᠲᠦ ᠴᠠᠭᠠᠰᠤ ᠠᠮᠵᠢᠯᠲᠠ ᠲᠠᠢ ᠭᠠᠷᠴᠤ᠂ ᠬᠥᠷᠥᠩᠭᠡ ᠣᠷᠣᠭᠤᠯᠤᠭᠴᠢᠳ ᠤᠨ ᠲᠣᠭ᠎ᠠ ᠨᠡᠮᠡᠭᠳᠡᠵᠦ᠂ ᠵᠠᠬ᠎ᠠ ᠵᠡᠭᠡᠯᠢ ᠢᠳᠡᠪᠬᠢᠵᠢᠬᠦ ᠶᠢᠨ ᠬᠢᠷᠢ ᠪᠡᠷ ᠵᠠᠬ᠎ᠠ ᠵᠡᠭᠡᠯᠢ ᠶᠢᠨ ᠬᠦᠷᠪᠡᠬᠦ ᠴᠢᠳᠠᠪᠤᠷᠢ ᠶᠢ ᠬᠠᠩᠭᠠᠬᠤ᠂ ᠲᠣᠭᠲᠠᠪᠤᠷᠢᠲᠠᠢ ᠪᠠᠶᠢᠳᠠᠯ ᠢ ᠪᠤᠢ ᠪᠣᠯᠭᠠᠬᠤ ᠠᠰᠠᠭᠤᠳᠠᠯ ᠲᠤᠯᠭᠠᠮᠳᠠᠵᠤ ᠪᠠᠶᠢᠭ᠎ᠠ ᠪᠥᠭᠡᠳ ᠡᠨᠡᠬᠦ ᠠᠰᠠᠭᠤᠳᠠᠯ ᠢ ᠰᠢᠢᠳᠪᠦᠷᠢᠯᠡᠬᠦ ᠳᠦ ᠮᠡᠷᠭᠡᠵᠢᠯ ᠦᠨ ᠬᠥᠷᠥᠩᠭᠡ ᠣᠷᠣᠭᠤᠯᠤᠭᠴᠢᠳ ᠤᠨ ᠣᠷᠣᠯᠴᠠᠭ᠎ᠠ ᠶᠢ ᠨᠡᠮᠡᠭᠳᠡᠭᠦᠯᠬᠦ ᠱᠠᠭᠠᠷᠳᠠᠯᠭ᠎ᠠ ᠡᠭᠦᠰᠦᠭᠡᠳ ᠪᠠᠶᠢᠨ᠎ᠠ᠃

ᠮᠡᠷᠭᠡᠵᠢᠯ ᠦᠨ ᠬᠥᠷᠥᠩᠭᠡ ᠣᠷᠣᠭᠤᠯᠤᠭᠴᠢᠳ ᠪᠣᠯᠬᠤ ᠬᠥᠷᠥᠩᠭᠡ ᠣᠷᠣᠭᠤᠯᠤᠯᠲᠠ ᠶᠢᠨ ᠰᠠᠩ ᠤᠳ ᠤᠨ ᠣᠷᠣᠯᠴᠠᠭ᠎ᠠ ᠶᠢ ᠨᠡᠮᠡᠭᠳᠡᠭᠦᠯᠬᠦ ᠶᠢᠨ ᠲᠤᠯᠠᠳᠠ ᠲᠡᠳᠡᠭᠡᠷ ᠦᠨ ᠨᠢᠭᠡᠴᠡ ᠡᠷᠬᠡ ᠶᠢ ᠪᠢᠷᠵᠢ ᠪᠦᠷᠢᠳᠬᠡᠵᠦ᠂ ᠠᠷᠠᠯᠵᠢᠶ᠎ᠠ ᠶᠢ ᠵᠣᠬᠢᠶᠠᠨ ᠪᠠᠶᠢᠭᠤᠯᠤᠭᠰᠠᠨ ᠢᠶᠠᠷ ᠬᠥᠷᠥᠩᠭᠡ ᠣᠷᠣᠭᠤᠯᠤᠭᠴᠢᠳ ᠪᠢᠷᠵᠢ ᠪᠡᠷ ᠳᠠᠮᠵᠢᠭᠤᠯᠤᠨ ᠬᠠᠮᠲᠤ ᠶᠢᠨ ᠬᠥᠷᠥᠩᠭᠡ ᠣᠷᠣᠭᠤᠯᠤᠯᠲᠠ ᠶᠢᠨ  ᠰᠠᠩ ᠤᠳ ᠲᠤ ᠬᠥᠷᠥᠩᠭᠡ ᠣᠷᠣᠭᠤᠯᠵᠤ᠂ ᠣᠨᠣᠪᠴᠢᠲᠠᠢ ᠤᠳᠤᠷᠢᠳᠤᠯᠭ᠎ᠠ ᠪᠠᠷ ᠬᠠᠩᠭᠠᠭᠳᠠᠬᠤ ᠳᠠᠪᠠᠭᠤ ᠲᠠᠯ᠎ᠠ ᠲᠠᠢ ᠶᠤᠮ᠃ ᠡᠶᠢᠮᠦ ᠳᠦ ᠮᠤᠩᠭᠤᠯ ᠤᠨ ᠬᠦᠷᠦᠩᠭᠡ ᠶᠢᠨ ᠪᠢᠷᠵᠢ  ᠡᠴᠡ ︽ᠬᠠᠮᠲᠤ ᠶᠢᠨ ᠬᠠᠭᠠᠯᠲᠠᠲᠠᠢ ᠬᠥᠷᠥᠩᠭᠡ ᠣᠷᠣᠭᠤᠯᠤᠯᠲᠠ ᠶᠢᠨ ᠰᠠᠩ ᠤᠨ ᠨᠢᠭᠡᠴᠡ ᠡᠷᠬᠡ ᠶᠢᠨ ᠪᠦᠷᠢᠳᠬᠡᠯ ᠦᠨ ᠵᠢᠷᠤᠮ︾ ᠍ ᠤᠨ ᠲᠥᠰᠥᠯ ᠢ ᠪᠣᠯᠪᠠᠰᠤᠭᠤᠯᠵᠤ᠂ 2019 ᠣᠨ ᠤ 5 ᠳ᠋ᠤᠭᠠᠷ ᠰᠠᠷ᠎ᠠ ᠶᠢᠨ 10 ᠍ ᠤ ᠡᠳᠦᠷ ᠰᠠᠩᠬᠦᠦ  ᠶᠢᠨ ᠵᠤᠬᠢᠴᠠᠭᠤᠯᠬᠤ ᠬᠣᠷᠢᠶ᠎ᠠ᠂ АТТ ᠺᠤᠮᠫᠠᠨᠢ᠂ ᠮᠣᠩᠭᠣᠯ ᠤᠨ ᠦᠨᠡᠲᠦ ᠴᠠᠭᠠᠰᠤᠨ ᠤ ᠠᠷᠠᠯᠵᠢᠶ᠎ᠠ ᠡᠷᠬᠢᠯᠡᠭᠴᠢᠳ ᠦᠨ ᠬᠣᠯᠪᠣᠭ᠎ᠠ᠂ ᠦᠨᠡᠲᠦ ᠴᠠᠭᠠᠰᠤᠨ ᠤ ᠭᠡᠰᠢᠭᠦᠨ ᠺᠣᠮᠫᠠᠨᠢ ᠨᠤᠭᠤᠳ᠂ ᠬᠥᠷᠥᠩᠭᠡ ᠣᠷᠣᠭᠤᠯᠤᠯᠲᠠ ᠶᠢᠨ ᠮᠧᠨᠧᠵᠮᠧᠨᠲ ᠦᠨ ᠺᠣᠮᠫᠠᠨᠢ ᠨᠤᠭᠤᠳ ᠤᠨ ᠲᠥᠯᠥᠭᠡᠯᠡᠯ ᠢ ᠣᠷᠤᠯᠴᠠᠭᠤᠯᠤᠭᠰᠠᠨ ᠬᠡᠯᠡᠯᠴᠡᠭᠦᠯᠭᠡ ᠶᠢ ᠵᠣᠬᠢᠶᠠᠨ ᠪᠠᠶᠢᠭᠤᠯᠵᠤ᠂ ᠳᠡᠭᠡᠷᠡᠬᠢ ᠪᠠᠶᠢᠭᠤᠯᠤᠯᠭ᠎ᠠ ᠨᠤᠭᠤᠳ ᠤᠨ ᠰᠠᠨᠠᠯ ᠢ ᠪᠢᠴᠢᠭ ᠢᠶᠡᠷ ᠠᠪᠴᠤ ᠲᠥᠰᠥᠯ ᠳᠦ ᠲᠤᠰᠬᠠᠭᠰᠠᠨ᠃ ᠲᠡᠭᠦᠨᠴᠢᠯᠡᠨ᠂ ᠵᠢᠷᠤᠮ ᠤᠨ ᠲᠥᠰᠥᠯ ᠢ ᠰᠠᠷ᠎ᠠ ᠭᠠᠷᠤᠢ ᠶᠢᠨ ᠬᠤᠭᠤᠴᠠᠭᠠᠨ ᠳᠤ ᠥᠪᠡᠷ ᠦᠨ ᠴᠠᠬᠢᠮ ᠬᠠᠭᠤᠳᠠᠰᠤ ᠳᠤ ᠪᠠᠶᠢᠷᠢᠰᠢᠭᠤᠯᠵᠤ᠂ ᠣᠯᠠᠨ ᠨᠡᠶᠢᠲᠡ᠂ ᠵᠠᠬ᠎ᠠ ᠵᠡᠭᠡᠯᠢ ᠰᠣᠨᠢᠷᠬᠠᠭᠴᠢᠳ᠂ ᠰᠤᠳᠤᠯᠤᠭᠠᠴᠢᠳ ᠤᠨ ᠰᠠᠨᠠᠯ ᠢ ᠠᠪᠴᠤ ᠲᠤᠰᠬᠠᠭᠰᠠᠨ ᠤ ᠦᠨᠳᠦᠰᠦᠨ ᠳᠡᠭᠡᠷ᠎ᠡ ᠵᠢᠷᠤᠮ ᠤᠨ ᠲᠥᠰᠥᠯ ᠢ ᠡᠴᠦᠰᠯᠡᠨ ᠪᠣᠯᠪᠠᠰᠤᠷᠠᠭᠤᠯᠵᠤ  ᠮᠤᠩᠭᠤᠯ ᠤᠨ ᠬᠦᠷᠦᠩᠭᠡ ᠶᠢᠨ ᠪᠢᠷᠵᠢ ᠶᠢᠨ  ᠲᠥᠯᠥᠭᠡᠯᠡᠨ ᠤᠳᠤᠷᠢᠳᠬᠤ ᠵᠥᠪᠯᠡᠯ ᠦᠨ 2019 ᠣᠨ ᠤ 06 ᠳ᠋ᠤᠭᠠᠷ ᠰᠠᠷ᠎ᠠ ᠶᠢᠨ 28 ᠍ ᠤ ᠡᠳᠦᠷ ᠦᠨ ᠲᠣᠭᠲᠠᠭᠠᠯ ᠢᠶᠠᠷ ᠪᠠᠲᠤᠯᠠᠭᠤᠯᠤᠨ᠂ ᠰᠠᠩᠬᠦᠦ ᠶᠢᠨ ᠵᠣᠬᠢᠴᠠᠭᠤᠯᠬᠤ ᠬᠣᠷᠢᠶ᠎ᠠ ᠪᠠᠷ ᠪᠠᠲᠤᠯᠠᠮᠵᠢᠯᠠᠭᠤᠯᠬᠤ ᠪᠠᠷ ᠬᠦᠷᠭᠡᠭᠦᠯᠦᠯ᠎ᠡ᠃ ᠤᠭ ᠵᠢᠷᠤᠮ ᠢ ᠬᠣᠷᠢᠶ᠎ᠠ ᠪᠠᠲᠤᠯᠠᠮᠵᠢᠯᠠᠭᠰᠠᠨ ᠢᠶᠠᠷ ᠬᠦᠴᠦᠨ ᠲᠡᠭᠦᠯᠳᠡᠷ ᠮᠥᠷᠳᠡᠭᠳᠡᠨ᠎ᠡ᠃

ᠰᠡᠳᠬᠢᠭᠳᠡᠯ ᠦᠯᠡᠳᠡᠭᠡᠬᠦ