ᠴᠠᠲᠠᠨ ᠢᠷᠭᠡᠳ ᠦᠨ ᠦᠵᠡᠭᠦᠯᠦᠯᠭᠡ ᠪᠤᠯᠪᠠ | News.MN

ᠴᠠᠲᠠᠨ ᠢᠷᠭᠡᠳ ᠦᠨ ᠦᠵᠡᠭᠦᠯᠦᠯᠭᠡ ᠪᠤᠯᠪᠠ

ᠬᠥᠪᠰᠥᠭᠥᠯ ᠨᠤᠲᠤᠭ ᠤᠨ ᠢᠶᠠᠨ ᠠᠶᠠᠯᠠᠯ ᠵᠢᠭᠤᠯᠴᠢᠯᠠᠯ ᠤᠨ ᠴᠠᠷ᠎ᠠ ᠬᠦᠷᠢᠶ᠎ᠡ ᠶᠢ ᠦᠷᠭᠡᠳᠭᠡᠬᠦ᠂ ᠴᠠᠲᠠᠨ ᠢᠷᠭᠡᠳ ᠦᠨ ᠰᠤᠶᠤᠯ ᠢ ᠳᠡᠯᠡᠬᠡᠢ ᠨᠡᠶᠢᠲᠡ ᠳᠦ ᠲᠠᠨᠢᠭᠤᠯᠬᠤ᠂ ᠰᠤᠷᠲᠠᠯᠴᠢᠯᠠᠬᠤ ᠵᠣᠷᠢᠯᠭ᠎ᠠ ᠪᠠᠷ ᠵᠢᠯ ᠪᠦᠷᠢ ᠤᠯᠠᠮᠵᠢᠯᠠᠯ ᠪᠣᠯᠤᠨ ᠵᠣᠬᠢᠶᠠᠨ ᠪᠠᠶᠢᠭᠤᠯᠳᠠᠭ ︽ᠴᠠᠲᠠᠨ ᠹᠧᠰᠲ᠋ᠢᠸᠠᠯᠢ -2019︾ ᠨᠠᠭᠠᠳᠤᠮ ᠪᠣᠯᠪᠠ᠃
ᠲᠤᠰ ᠨᠠᠭᠠᠳᠤᠮ ᠳᠤ ᠶᠠᠫᠣᠨ᠂ ᠰᠣᠯᠣᠩᠭᠣᠰ᠂ ᠬᠢᠲᠠᠳ᠂ ᠠᠮᠧᠷᠢᠺᠠ ᠵᠡᠷᠭᠡ ᠣᠷᠣᠨ ᠤ 800 ᠭᠠᠷᠤᠢ ᠢᠷᠭᠡᠨ᠂ ᠮᠣᠩᠭᠣᠯ ᠤᠨ 1200 ᠢᠷᠭᠡᠨ ᠨᠡᠶᠢᠲᠡ 2000 ᠭᠠᠷᠤᠢ ᠢᠷᠭᠡᠳ ᠬᠥᠪᠰᠥᠭᠥᠯ ᠨᠠᠭᠤᠷ ᠤᠨ ᠬᠥᠪᠡᠭᠡᠨ ᠳᠦ ᠴᠠ ᠪᠤᠭᠤ ᠶᠢᠨ ᠰᠦᠷᠦᠭ ᠢ ᠦᠵᠡᠵᠦ ᠰᠤᠨᠢᠷᠬᠠᠨ ᠂ ᠲᠡᠮᠡᠴᠡᠭᠡᠨ ᠤᠷᠤᠯᠳᠤᠭᠠᠨ ᠳᠤ ᠬᠠᠮᠲᠤ ᠳᠤ ᠪᠠᠨ  ᠤᠷᠤᠯᠴᠠᠪᠠ ᠃ ᠡᠨᠡ ᠵᠢᠯ ᠦᠨ ᠨᠠᠭᠠᠳᠤᠮ ᠳᠤ ᠪᠦᠭᠦᠳᠡ ᠨᠠᠶᠢᠷᠠᠮᠳᠠᠬᠤ ᠰᠤᠯᠤᠩᠭᠤᠰ ᠤᠯᠤᠰ ᠤᠨ ᠲᠸᠵᠤᠨ ᠬᠣᠲᠠ ᠶᠢᠨ ᠰᠣ ᠭᠤ ᠳᠡᠭᠦᠷᠭᠡ ᠶᠢᠨ 10 ᠭᠠᠷᠤᠢ ᠤᠷᠠᠨ ᠪᠦᠲᠦᠭᠡᠯᠴᠢ ᠣᠷᠣᠯᠴᠠᠵᠤ ᠦᠨᠳᠦᠰᠦᠨ ᠦ ᠪᠡᠨ ᠳᠠᠭᠤᠤ ᠬᠥᠭᠵᠢᠮ  ᠪᠣᠯᠤᠨ ᠮᠣᠩᠭᠣᠯ ᠤᠷᠠᠨ ᠪᠦᠲᠦᠭᠡᠯ ᠡᠴᠡ ᠲᠣᠯᠢᠯᠠᠭᠤᠯᠤᠭᠰᠠᠨ ᠨᠢ ᠣᠨᠴᠠᠯᠢᠭ ᠦᠢᠯᠡ ᠠᠵᠢᠯᠯᠠᠭ᠎ᠠ ᠪᠠᠶᠢᠯ᠎ᠠ᠃

ᠰᠡᠳᠬᠢᠭᠳᠡᠯ ᠦᠯᠡᠳᠡᠭᠡᠬᠦ