ᠠᠮᠧᠷᠢᠺᠠ ᠳᠤ ᠮᠣᠩᠭᠣᠯ ᠪᠷᠡᠨᠳ᠋ ᠦᠨ ᠳᠡᠯᠭᠡᠭᠦᠷ ᠨᠡᠭᠡᠭᠡᠨ᠎ᠡ | News.MN

ᠠᠮᠧᠷᠢᠺᠠ ᠳᠤ ᠮᠣᠩᠭᠣᠯ ᠪᠷᠡᠨᠳ᠋ ᠦᠨ ᠳᠡᠯᠭᠡᠭᠦᠷ ᠨᠡᠭᠡᠭᠡᠨ᠎ᠡ

ᠠᠮᠧᠷᠢᠺᠠ ᠶᠢᠨ ᠴᠢᠺᠠᠭᠤ᠋ ᠬᠤᠲᠠ ᠳᠤ ᠡᠨᠡ ᠣᠨ ᠤ ᠨᠠᠢᠮᠠᠳᠤᠭᠠᠷ ᠰᠠᠷ᠎ᠠ ᠶᠢᠨ 1 ᠳᠦ ︽ᠮᠣᠩᠭᠣᠯ ᠤᠨ  ᠪᠷᠡᠨᠳ᠋ ᠦᠨ ᠲᠥᠪ︾᠍ ᠢ ᠨᠡᠭᠡᠭᠡᠨ᠎ᠡ᠃ ᠡᠨᠡ ᠲᠠᠯ᠎ᠠ ᠪᠠᠷ ᠡᠺᠰᠫᠣᠷᠲ ᠤᠨ ᠣᠯᠠᠨ ᠤᠯᠤᠰ ᠤᠨ ᠬᠤᠳᠠᠯᠳᠤᠭᠠᠨ ᠤ ᠲᠥᠪ ᠦᠨ ᠡᠭᠦᠰᠬᠡᠨ ᠪᠠᠶᠢᠭᠤᠯᠤᠭᠴᠢ ᠳ∙ᠤᠶᠤᠨᠪᠢᠯᠢᠭ᠌ ᠮᠣᠩᠭᠣᠯ ᠤᠨ ᠪᠠᠷᠠᠭ᠎ᠠ ᠪᠦᠲᠦᠭᠡᠭᠳᠡᠬᠦᠨ ᠢ ᠠᠮᠧᠷᠢᠺᠠ ᠂ ᠺᠠᠨᠠᠳᠠ᠂ ᠶᠠᠫᠣᠨ ᠤ ᠵᠠᠬ᠎ᠠ ᠵᠡᠭᠡᠯᠢ ᠳᠦ ᠭᠠᠷᠭᠠᠬᠤ ᠪᠣᠯᠤᠮᠵᠢ ᠶᠢᠨ ᠲᠠᠯ᠎ᠠ ᠪᠠᠷ ︽ᠬᠣᠯᠢᠲᠡᠢ ᠢᠢᠨ︾ ᠵᠣᠴᠢᠳ ᠪᠠᠭᠤᠳᠠᠯ ᠳᠤ ᠪᠣᠯᠤᠭᠰᠠᠨ ᠬᠡᠯᠡᠯᠴᠡᠭᠦᠯᠭᠡ ᠶᠢᠨ ᠦᠶ᠎ᠡ ᠪᠡᠷ ᠮᠡᠳᠡᠭᠡᠯᠡᠭᠰᠡᠨ ᠶᠤᠮ᠃ ᠲᠡᠷᠡ ᠪᠡᠷ᠄ ᠪᠢᠳᠡ ᠦᠨᠳᠦᠰᠦᠨ ᠦ ᠦᠢᠯᠡᠳᠪᠦᠷᠢᠯᠡᠭᠴᠢ᠂ ᠡᠺᠰᠫᠤᠷᠲᠯᠤᠭᠴᠢ  ᠪᠠᠨ ᠳᠡᠮᠵᠢᠨ ᠭᠠᠳᠠᠭᠠᠳᠤ ᠬᠤᠳᠠᠯᠳᠤᠭ᠎ᠠ ᠶᠢ ᠨᠡᠮᠡᠭᠳᠡᠭᠦᠯᠬᠦ ᠶᠢᠨ ᠲᠥᠯᠥᠭᠡ ᠠᠵᠢᠯᠯᠠᠵᠤ ᠪᠠᠶᠢᠨ᠎ᠠ᠃ ᠠᠮᠧᠷᠢᠺᠠ ᠶᠢᠨ ᠴᠢᠺᠠᠭᠤ᠋ ᠬᠤᠲᠠ ᠳᠤ ᠮᠣᠩᠭᠣᠯ ᠪᠷᠠᠨᠳ᠋ ᠤᠨ ᠲᠥᠪ ᠨᠡᠭᠡᠭᠡᠬᠦ ᠪᠡᠯᠡᠳᠬᠡᠯ ᠠᠵᠢᠯ ᠢᠶᠠᠨ ᠬᠠᠩᠭᠠᠵᠤ᠂ ᠳᠡᠯᠭᠡᠭᠦᠷ ᠦᠨ ᠢᠶᠡᠨ ᠡᠷᠬᠡ ᠶᠢ ᠠᠪᠤᠭᠠᠳ ᠵᠠᠰᠠᠯ ᠴᠢᠮᠡᠭᠯᠡᠯ ᠢᠶᠡᠨ ᠬᠢᠵᠦ ᠪᠠᠶᠢᠨ᠎ᠠ᠃ ᠥᠨᠥᠳᠥᠷ ᠦᠨ ᠬᠡᠯᠡᠯᠴᠡᠭᠦᠯᠭᠡ ᠪᠡᠷ ᠲᠥᠪ ᠢ ᠳᠣᠲᠣᠭᠠᠳᠤ ᠶᠢᠨ ᠪᠢᠽᠢᠨᠧᠰ ᠡᠷᠬᠢᠯᠡᠭᠴᠢᠳ ᠲᠦ ᠲᠠᠨᠢᠯᠴᠠᠭᠤᠯᠵᠤ᠂ ᠳᠣᠲᠣᠭᠠᠳᠤ ᠶᠢᠨ ᠪᠷᠠᠨᠳ᠋ ᠦᠳ ᠢ ᠬᠡᠷᠬᠢᠨ ᠬᠠᠮᠤᠷᠤᠭᠤᠯᠬᠤ᠂ ᠲᠥᠪ ᠢ ᠨᠡᠭᠡᠭᠡᠭᠰᠡᠨ ᠢᠶᠡᠷ ᠮᠣᠩᠭᠣᠯᠴᠤᠳ ᠤᠨ ᠬᠦᠷᠲᠡᠬᠦ ᠦᠷ᠎ᠡ ᠰᠢᠮ᠎ᠡ ᠶᠢᠨ ᠲᠠᠯ᠎ᠠ ᠪᠠᠷ ᠮᠡᠳᠡᠭᠡᠯᠡᠯ ᠰᠣᠯᠢᠯᠴᠠᠵᠤ ᠪᠠᠶᠢᠨ᠎ᠠ ᠭᠡᠰᠡᠨ ᠶᠤᠮ᠃

       – ︽ᠮᠣᠩᠭᠣᠯ ᠤᠨ ᠪᠷᠡᠨᠳ᠋ ᠦᠨ ᠲᠥᠪ︾ ᠲᠤ ᠠᠵᠤ ᠠᠬᠤᠢ ᠶᠢᠨ ᠨᠢᠭᠡᠴᠡ ᠨᠦᠭᠦᠳ ᠢ ᠬᠡᠷᠬᠢᠨ ᠬᠠᠮᠤᠷᠤᠭᠤᠯᠬᠤ ᠪᠤᠢ︖
– ᠪᠦᠬᠦ ᠺᠤᠮᠫᠠᠨᠢ ᠡᠺᠰᠫᠣᠷᠲ ᠢᠶᠠᠨ ᠨᠡᠮᠡᠭᠳᠡᠭᠦᠯᠬᠦ ᠶᠢ ᠬᠦᠰᠡᠵᠦ ᠪᠠᠶᠢᠭ᠎ᠠ᠃ ᠮᠣᠩᠭᠣᠯ ᠪᠷᠡᠨᠳ᠋ ᠪᠦᠬᠦᠨ ᠢ ᠪᠠᠶᠢᠷᠢᠰᠢᠭᠤᠯᠬᠤ ᠰᠠᠩᠬᠦᠦ ᠮᠥᠩᠭᠥᠨ ᠦ ᠪᠣᠯᠤᠮᠵᠢ ᠪᠠᠶᠢᠬᠤ ᠦᠭᠡᠢ᠃ ᠭᠡᠬᠦ ᠳᠦ ᠪᠡᠨ ᠡᠬᠢᠯᠡᠵᠦ ᠪᠠᠶᠢᠨ᠎ᠠ ᠭᠡᠳᠡᠭ ᠲᠣᠮᠣ ᠠᠵᠢᠯ᠃ ᠪᠢᠳᠡ ᠡᠺᠰᠫᠣᠷᠲ ᠢ ᠨᠡᠮᠡᠭᠳᠡᠭᠦᠯᠦᠨ᠎ᠡ ᠭᠡᠵᠦ ᠵᠦᠭᠡᠷ ᠶᠠᠷᠢᠭᠠᠳ ᠰᠠᠭᠤᠬᠤ ᠪᠤᠰᠤ ᠲᠤᠬᠠᠢ ᠶᠢᠨ ᠵᠠᠬ᠎ᠠ ᠵᠡᠭᠡᠯᠢ ᠳᠦ ᠨᠡᠶᠢᠯᠡᠭᠦᠯᠬᠦ ᠪᠦᠲᠦᠭᠡᠭᠳᠡᠬᠦᠨ ᠦᠢᠯᠡᠴᠢᠯᠡᠭᠡ ᠪᠡᠨ ᠲᠠᠨᠢᠭᠤᠯᠬᠤ ᠨᠢ ᠴᠢᠬᠤᠯᠠ᠃ ᠥᠭᠡᠷ᠎ᠡ ᠪᠡᠷ ᠬᠡᠯᠡᠪᠡᠯ᠂ ᠪᠢᠳᠡᠨ ᠦ ᠪᠦᠲᠦᠭᠡᠭᠳᠡᠬᠦᠨ ᠢ ᠬᠦᠮᠦᠨ ᠢᠷᠡᠭᠡᠳ ᠠᠪᠤᠨ᠎ᠠ ᠭᠡᠬᠦ ᠡᠴᠡ ᠪᠡᠨ ᠢᠯᠡᠭᠦᠦ ᠶᠠᠭᠤ ᠬᠢᠵᠦ ᠴᠢᠳᠠᠵᠤ ᠪᠠᠶᠢᠨ᠎ᠠ ᠭᠡᠳᠡᠭ ᠢᠶᠡᠨ ᠭᠠᠳᠠᠭᠠᠳᠤ ᠵᠠᠬ᠎ᠠ ᠵᠡᠭᠡᠯᠢ ᠳᠦ ᠲᠠᠨᠢᠭᠤᠯᠵᠤ ᠬᠠᠷᠠᠭᠤᠯᠤᠶ᠎ᠠ᠃ ᠲᠥᠪ ᠦᠨ ᠨᠡᠭᠡᠭᠡᠯᠲᠡ ᠪᠣᠯ ᠡᠺᠰᠫᠣᠷᠲ ᠢ ᠳᠡᠮᠵᠢᠬᠦ ᠠᠵᠢᠯ ᠤᠨ ᠵᠥᠪᠬᠡᠨ ᠡᠬᠢᠯᠡᠯ᠃ ᠴᠢᠨᠠᠭᠰᠢᠳᠠ ᠪᠢᠽᠢᠨᠧᠰ ᠡᠷᠬᠢᠯᠡᠭᠴᠢ ᠲᠡᠢ ᠪᠡᠨ ᠮᠡᠳᠡᠭᠡᠯᠡᠯ ᠰᠣᠯᠢᠯᠴᠠᠵᠤ᠂ ᠡᠺᠰᠫᠣᠷᠲ ᠢ ᠨᠡᠮᠡᠭᠳᠡᠭᠦᠯᠬᠦ ᠣᠯᠠᠨ ᠵᠦᠢᠯ ᠬᠢᠨ᠎ᠡ᠃

      – ᠠᠮᠧᠷᠢᠺᠠ ᠶᠢᠨ ᠲᠠᠯ᠎ᠠ ᠠᠴᠠ ᠬᠡᠷᠬᠢᠨ ᠬᠠᠮᠲᠤᠷᠠᠨ ᠠᠵᠢᠯᠯᠠᠵᠤ ᠪᠠᠶᠢᠨ᠎ᠠ︖
– ᠡᠨᠡ ᠵᠢᠯ ᠠᠮᠧᠷᠢᠺᠠ ᠳᠠᠭᠠᠨ ᠬᠤᠳᠠᠯᠳᠤᠭ᠎ᠠ ᠪᠣᠷᠣᠯᠠᠭᠤᠯᠤᠯᠲᠠ ᠶᠢᠨ ᠣᠷᠣᠯᠭ᠎ᠠ ᠪᠠᠷ ᠢᠶᠠᠨ ᠰᠢᠯᠢᠳᠡᠭ ᠠᠷᠪᠠ ᠶᠢᠨ ᠡᠬᠢᠨ ᠦ ᠭᠤᠷᠪᠠ ᠳᠤ ᠵᠢᠭᠰᠠᠳᠠᠭ ᠲᠣᠮᠣᠬᠠᠨ ᠳᠡᠯᠭᠡᠭᠦᠷ ᠲᠦ ᠪᠠᠷᠠᠭ᠎ᠠ ᠪᠦᠲᠦᠭᠡᠭᠳᠡᠬᠦᠨ ᠢᠶᠡᠨ ᠰᠤᠷᠲᠠᠯᠴᠢᠯᠠᠨ ᠲᠠᠨᠢᠭᠤᠯᠤᠨ᠎ᠠ᠃ ᠪᠦᠲᠦᠭᠡᠭᠳᠡᠬᠦᠨ ᠠᠮᠧᠷᠢᠺᠠ ᠬᠦᠮᠦᠨ ᠦ ᠬᠦᠰᠡᠯ ᠰᠣᠨᠢᠷᠬᠠᠯ ᠳᠤ ᠨᠡᠶᠢᠴᠡᠵᠦ ᠪᠠᠶᠢᠭ᠎ᠠ ᠡᠰᠡᠬᠦ ᠵᠡᠷᠭᠡ ᠪᠡᠷ ᠬᠡᠷᠡᠭᠯᠡᠭᠴᠢ ᠪᠡᠨ ᠲᠣᠳᠣᠷᠬᠠᠶᠢᠯᠠᠬᠤ᠂ ᠠᠩᠬᠠᠨ ᠱᠠᠲᠤᠨ ᠤ ᠰᠤᠳᠤᠯᠭᠠᠨ ᠬᠢᠬᠦ ᠪᠣᠯᠤᠮᠵᠢ ᠪᠢᠳᠡᠨ ᠳᠦ ᠣᠯᠳᠠᠵᠤ ᠪᠠᠶᠢᠨ᠎ᠠ᠃ ᠲᠠᠯᠠᠪᠠᠢ ᠶᠢᠨ ᠬᠤᠪᠢ ᠳᠤ 6-8 ᠺᠣᠮᠫᠠᠨᠢ ᠪᠦᠲᠦᠭᠡᠭᠳᠡᠬᠦᠨ ᠢᠶᠡᠨ ᠪᠠᠶᠢᠷᠢᠰᠢᠭᠤᠯᠬᠤ ᠪᠣᠯᠤᠮᠵᠢ ᠲᠠᠢ᠃ ᠴᠢᠨᠠᠭᠰᠢᠳᠠ ᠪᠠᠨ ᠸᠠᠰᠢᠩᠲ᠋ᠣᠨ DC᠂ ᠨᠢᠦ᠋ ᠶᠤᠷᠺ᠂ ᠧᠦ᠋ᠷᠣᠫᠠ ᠶᠢᠨ ᠤᠯᠤᠰ ᠤᠳ᠂ ᠶᠠᠫᠣᠨ ᠳᠤ ᠬᠤᠳᠠᠯᠳᠤᠭᠠᠨ ᠤ ᠲᠥᠪ ᠦᠳ ᠢᠶᠡᠨ ᠳᠡᠰ ᠳᠠᠷᠠᠭᠠᠯᠠᠯ ᠲᠠᠢ ᠪᠠᠷ ᠨᠡᠭᠡᠭᠡᠨ᠎ᠡ᠃
      – ᠺᠣᠮᠫᠠᠨᠢ ᠨᠤᠭᠤᠳ ᠭᠠᠳᠠᠭᠠᠳᠤ ᠵᠠᠬ᠎ᠠ ᠵᠡᠭᠡᠯᠢ ᠳᠦ ᠭᠠᠷᠬᠤ ᠳᠤ ᠶᠠᠭᠤᠨ ᠳᠤ ᠠᠩᠬᠠᠷᠬᠤ ᠪᠤᠢ︖
– ᠨᠡᠩ ᠲᠡᠷᠢᠭᠦᠨ ᠳᠦ ᠪᠢᠳᠡ ᠬᠠᠮᠲᠤᠷᠠᠵᠤ ᠠᠵᠢᠯᠯᠠᠬᠤ ᠬᠡᠷᠡᠭᠲᠡᠢ᠃ ᠪᠢᠳᠡᠨ ᠳᠦ ᠣᠯᠤᠯᠲᠠ ᠪᠠᠶᠢᠭ᠎ᠠ ᠠᠴᠠ ᠭᠠᠳᠠᠨ᠎ᠠ ᠠᠩᠬᠠᠷᠬᠤ ᠱᠠᠭᠠᠷᠳᠠᠯᠭ᠎ᠠ ᠲᠠᠢ ᠣᠯᠠᠨ ᠵᠦᠢᠯ ᠪᠠᠶᠢᠭ᠎ᠠ ᠶᠢ ᠲᠤᠷᠰᠢᠯᠭ᠎ᠠ ᠬᠠᠷᠠᠭᠤᠯᠵᠤ ᠪᠠᠶᠢᠨ᠎ᠠ᠃ ᠪᠢᠳᠡᠨ ᠦ ᠪᠦᠲᠦᠭᠡᠭᠳᠡᠬᠦᠨ ᠲᠦᠭᠦᠬᠡᠢ ᠡᠳ᠋ ᠪᠠᠶᠢᠭᠠᠯᠢ ᠶᠢᠨ ᠭᠠᠷᠤᠯ ᠲᠠᠢ᠂ ᠬᠢᠮᠢ ᠶᠢᠨ ᠬᠣᠯᠢᠴᠠ ᠦᠭᠡᠢ ᠭᠡᠳᠡᠭ ᠢᠶᠡᠷ ᠢᠶᠡᠨ ᠣᠨᠴᠠᠯᠢᠭ ᠳᠠᠪᠠᠭᠤ ᠲᠠᠯ᠎ᠠ ᠲᠠᠢ᠃ ᠲᠡᠭᠡᠬᠦ ᠪᠡᠷ ᠬᠡᠷᠡᠭᠯᠡᠭᠴᠢᠳ ᠲᠤ ᠶᠠᠭᠤ ᠬᠡᠷᠡᠭᠲᠡᠢ ᠪᠠᠶᠢᠨ᠎ᠠ᠂ ᠲᠡᠭᠦᠨ ᠢ ᠦᠢᠯᠡᠳᠪᠦᠷᠢᠯᠡᠶ᠎ᠡ ᠭᠡᠳᠡᠭ ᠰᠢᠰᠲ᠋ᠧᠮ ᠤᠷᠤᠭᠤ ᠤᠷᠤᠬᠤ ᠬᠡᠷᠡᠭᠲᠡᠢ᠃ ᠮᠥᠨ ᠰᠠᠪᠠ ᠪᠠᠭᠯᠠᠭ᠎ᠠ ᠪᠣᠭᠣᠳᠠᠯ᠂ ᠬᠠᠶ᠋ᠢᠭ ᠱᠣᠰᠢᠭ᠎ᠠ ᠳᠤ ᠠᠩᠬᠠᠷᠴᠤ᠂ ᠬᠦᠮᠦᠨ ᠳᠦ ᠬᠦᠷᠭᠡᠬᠦ ᠥᠨᠴᠥᠭ ᠢᠶᠡᠨ ᠵᠥᠪ ᠲᠣᠳᠣᠷᠬᠠᠶᠢᠯᠠᠬᠤ ᠬᠡᠷᠡᠭᠲᠡᠢ᠃ ᠠᠯᠢ ᠣᠷᠣᠨ ᠳᠤ ᠪᠦᠲᠦᠭᠡᠭᠳᠡᠬᠦᠨ ᠢᠶᠡᠨ ᠲᠦᠭᠡᠭᠡᠬᠦ ᠭᠡᠵᠦ ᠪᠠᠶᠢᠭ᠎ᠠ ᠠᠴᠠ ᠪᠠᠨ ᠰᠢᠯᠲᠠᠭᠠᠯᠠᠭᠠᠳ᠂ ᠲᠡᠷᠡ ᠣᠷᠣᠨ ᠤ ᠪᠠᠨ ᠬᠦᠮᠦᠰ ᠦᠨ ᠬᠡᠷᠡᠭᠯᠡᠭᠴᠢ ᠶᠢᠨ ᠵᠠᠩ ᠲᠥᠯᠥᠪ ᠢ ᠮᠡᠳᠡᠬᠦ ᠨᠢ ᠬᠠᠮᠤᠭ ᠤᠨ ᠴᠢᠬᠤᠯᠠ᠃
      – ᠪᠠᠶᠢᠭᠤᠯᠤᠯᠭ᠎ᠠ ᠪᠣᠯᠤᠨ ᠦᠢᠯᠡ ᠠᠵᠢᠯᠯᠠᠭᠠᠨ ᠤ ᠪᠠᠨ ᠲᠠᠯ᠎ᠠ ᠪᠠᠷ ᠲᠠᠨᠢᠯᠴᠠᠭᠤᠯᠤᠨ᠎ᠠ ᠤᠤ︖
– ᠮᠠᠨ ᠤ ᠡᠺᠰᠫᠣᠷᠲ ᠤᠨ ᠣᠯᠠᠨ ᠤᠯᠤᠰ ᠤᠨ ᠬᠤᠳᠠᠯᠳᠤᠭᠠᠨ ᠤ ᠲᠥᠪ ᠨᠢ ᠮᠣᠩᠭᠣᠯ ᠤᠨ ᠪᠠᠷᠠᠭ᠎ᠠ ᠪᠦᠲᠦᠭᠡᠭᠳᠡᠬᠦᠨ ᠢ ᠭᠠᠳᠠᠭᠠᠳᠤ ᠵᠠᠬ᠎ᠠ ᠵᠡᠭᠡᠯᠢ ᠳᠦ ᠭᠠᠷᠭᠠᠬᠤ ᠵᠣᠷᠢᠯᠭ᠎ᠠ ᠪᠠᠷ 2015 ᠣᠨ ᠠᠴᠠ ᠡᠬᠢᠯᠡᠨ ᠠᠵᠢᠯᠯᠠᠵᠤ ᠪᠠᠶᠢᠨ᠎ᠠ᠃ ᠪᠢᠳᠡ ᠮᠣᠩᠭᠣᠯ ᠤᠨ ᠦᠨᠳᠦᠰᠦᠨ ᠦ ᠦᠢᠯᠡᠳᠪᠤᠷᠢᠯᠡᠭᠴᠢᠳ ᠦᠨ ᠯᠤᠵᠢᠰᠲ᠋ᠢᠺ ᠤᠨ ᠲᠥᠪ ᠪᠠᠶᠢᠭᠤᠯᠤᠭᠰᠠᠨ᠃ ᠤᠭ ᠲᠥᠪ ᠥᠩᠭᠡᠷᠡᠭᠰᠡᠨ ᠵᠢᠯ ᠡᠴᠡ ᠡᠬᠢᠯᠡᠨ ᠮᠣᠩᠭᠣᠯ ᠪᠷᠡᠨᠳ᠋ ᠦᠨ ᠵᠢᠵᠢᠭ ᠬᠤᠳᠠᠯᠳᠤᠭᠠᠨ ᠤ ᠤᠨᠯᠠᠶᠢᠨ ᠲᠠᠯᠠᠪᠤᠷ ︵ᠢᠨᠲᠸᠷᠨᠧᠲ ᠰᠦᠯᠵᠢᠶ᠎ᠡ︶ ᠨᠡᠭᠡᠭᠡᠨ᠂ ᠦᠨᠳᠦᠰᠦᠨ ᠦ ᠪᠠᠷᠠᠭ᠎ᠠ ᠪᠦᠲᠦᠭᠡᠭᠳᠡᠬᠦᠨ ᠢᠶᠡᠨ ᠠᠮᠧᠷᠢᠺᠠ ᠶᠢᠨ ᠵᠠᠬ᠎ᠠ ᠵᠡᠭᠡᠯᠢ ᠳᠦ ᠨᠡᠶᠢᠯᠡᠭᠦᠯᠵᠦ ᠪᠠᠶᠢᠭᠰᠠᠨ ᠪᠣᠯ ᠡᠨᠡ ᠵᠢᠯ ᠡᠴᠡ ᠳᠡᠯᠭᠡᠭᠦᠷ ᠢᠶᠡᠨ ᠨᠡᠭᠡᠭᠡᠵᠦ ᠪᠠᠶᠢᠨ᠎ᠠ᠃ ᠣᠷᠣᠯᠳᠤᠯᠭ᠎ᠠ ᠪᠣᠯᠭᠠᠨ ᠨᠢᠭᠡ ᠦᠷ᠎ᠡ ᠳ᠋ᠦᠩ᠂ ᠳᠡᠪᠰᠢᠯ ᠠᠪᠴᠢᠷᠠᠳᠠᠭ᠃ 2015 ᠣᠨ ᠳᠦ ᠪᠢᠳᠡ ᠵᠣᠷᠢᠭᠯᠠᠭᠠᠳ ᠠᠮᠧᠷᠢᠺᠠ ᠶᠢᠨ ᠵᠠᠬ᠎ᠠ ᠵᠡᠭᠡᠯᠢ ᠳᠦ ᠠᠩᠬ᠎ᠠ ᠭᠠᠷᠴᠤ ᠪᠠᠶᠢᠭᠰᠠᠨ᠃ ᠲᠡᠭᠡᠭᠡᠳ ᠵᠢᠯ ᠦᠨ ᠳᠠᠷᠠᠭ᠎ᠠ ᠮᠣᠩᠭᠣᠯ ᠤᠨ ᠺᠣᠮᠫᠠᠨᠢ ᠨᠤᠭᠤᠳ ᠲᠠᠢ ᠭᠡᠷ᠎ᠡ ᠪᠠᠶᠢᠭᠤᠯᠵᠤ ᠡᠬᠢᠯᠡᠭᠰᠡᠨ᠃ ᠵᠢᠱᠢᠶ᠎ᠡ ᠨᠢ᠂ ︽ᠭᠣᠪᠢ︾ ᠺᠤᠮᠫᠠᠨᠢ ᠶᠢᠨ ᠪᠦᠲᠦᠭᠡᠭᠳᠡᠬᠦᠨ ᠲᠡᠷᠡ ᠵᠢᠯ ᠳᠦ ᠪᠡᠨ ᠬᠥᠷᠥᠩᠭᠡ ᠣᠷᠣᠭᠤᠯᠤᠭᠴᠢᠳ ᠤᠨ ᠰᠣᠨᠢᠷᠬᠠᠯ ᠢ ᠲᠠᠲᠠᠨ᠂ ᠭᠡᠷ᠎ᠡ ᠬᠢᠵᠦ ᠪᠠᠶᠢᠭᠰᠠᠨ᠃ ᠬᠦᠨᠡᠰᠦᠨ ᠦ ᠪᠦᠲᠦᠭᠡᠭᠳᠡᠬᠦᠨ ᠢ ᠭᠠᠷᠭᠠᠬᠤ ᠪᠡᠯᠡᠳᠬᠡᠯ ᠠᠵᠢᠯ ᠳᠤ ᠪᠠᠨ ᠣᠷᠣᠭᠠᠳ ᠪᠠᠶᠢᠨ᠎ᠠ᠃ ᠣᠳᠣ ᠪᠠᠷ ᠶᠠᠫᠣᠨ ᠤ ᠵᠦᠪᠯᠡᠬᠦ ᠨᠦᠭᠦᠳ ᠢᠷᠡᠵᠦ ᠪᠦᠲᠦᠭᠡᠭᠳᠡᠬᠦᠨ ᠬᠥᠭᠵᠢᠭᠦᠯᠦᠯᠲᠡ ᠳᠡᠭᠡᠷ᠎ᠡ ᠨᠢ ᠠᠵᠢᠯᠯᠠᠵᠤ ᠪᠠᠶᠢᠭ᠎ᠠ᠃ ︽ᠮᠣᠨᠣᠰᠣ︾ ᠺᠤᠮᠫᠠᠨᠢ ᠶᠢᠨ ᠡᠷᠡᠭᠦᠯ ᠮᠡᠨᠳᠦ ᠶᠢᠨ ᠴᠠᠢ ᠨᠤᠭᠤᠳ᠂ ︽ᠲᠸᠰᠤ᠋︾ ᠺᠤᠷᠫᠤᠷᠠᠼ ᠤᠨ ᠪᠦᠲᠦᠭᠡᠭᠳᠡᠬᠦᠨ ᠨᠦᠭᠦᠳ ᠨᠢ ᠭᠠᠳᠠᠨ᠎ᠠ ᠶᠢᠨ ᠵᠠᠬ᠎ᠠ ᠵᠡᠭᠡᠯᠢ ᠡᠴᠡ ᠬᠥᠷᠥᠩᠭᠡ ᠣᠷᠣᠭᠤᠯᠤᠯᠲᠠ ᠶᠢ ᠲᠠᠲᠠᠭᠰᠠᠨ᠃ ᠡᠨᠡ ᠪᠣᠯ ᠪᠢᠳᠡᠨ ᠦ ᠬᠤᠪᠢ ᠳᠤ ᠲᠣᠮᠣ ᠠᠮᠵᠢᠯᠲᠠ᠃ ᠮᠥᠨ ︽ᠮᠠᠷᠠᠯ︾ ᠪᠷᠡᠨᠳ᠋ ᠺᠠᠨᠠᠳᠠ ᠠᠴᠠ ᠵᠠᠬᠢᠶᠠᠯᠠᠭ᠎ᠠ ᠠᠪᠤᠭᠠᠳ ᠢᠷᠡᠯ᠎ᠡ᠃ ᠡᠨᠡ ᠨᠢ ᠬᠤᠶᠢᠳᠤ ᠠᠮᠧᠷᠢᠺᠠ ᠶᠢᠨ ᠵᠠᠬ᠎ᠠ ᠵᠡᠭᠡᠯᠢ ᠳᠦ ᠶᠡᠬᠡ ᠪᠣᠯᠤᠮᠵᠢ ᠪᠠᠶᠢᠭ᠎ᠠ ᠶᠢ ᠬᠠᠷᠠᠭᠤᠯᠵᠤ ᠪᠠᠶᠢᠨ᠎ᠠ᠃
     – ᠠᠮᠧᠷᠢᠺᠠ ᠶᠢᠨ ᠲᠥᠪ ᠨᠡᠭᠡᠭᠡᠭᠳᠡᠭᠰᠡᠨ ᠢᠶᠡᠷ ᠶᠠᠮᠠᠷ ᠦᠷ᠎ᠡ ᠠᠰᠢᠭ ᠬᠦᠷᠲᠡᠬᠦ ᠪᠤᠢ ︖
– ᠠᠮᠧᠷᠢᠺᠠ ᠶᠢᠨ ᠵᠠᠬ᠎ᠠ ᠵᠡᠭᠡᠯᠢ ᠭᠡᠳᠡᠭ ᠪᠣᠯ ᠶᠡᠬᠡ ᠲᠣᠮᠣ᠂ 2.4 ᠶᠡᠬᠡ ᠨᠠᠶᠤᠳ ᠳ᠋ᠣᠯᠯᠠᠷ ᠤᠨ ᠢᠮᠫᠣᠷᠲ ᠠᠪᠳᠠᠭ᠃ ᠡᠨᠡ ᠨᠢ ᠪᠢᠳᠡᠨ ᠳᠦ ᠣᠷᠣᠨ ᠵᠠᠢ ᠪᠠᠶᠢᠨ᠎ᠠ ᠭᠡᠰᠡᠨ ᠦᠭᠡ᠃ ᠣᠳᠣ ᠪᠠᠷ ᠪᠢᠳᠡ 9.6 ᠰᠠᠶ᠎ᠠ ᠳ᠋ᠣᠯᠯᠠᠷ ᠤᠨ ᠪᠣᠷᠣᠯᠠᠭᠤᠯᠤᠯᠲᠠ ᠲᠠᠢ ᠪᠠᠶᠢᠨ᠎ᠠ᠃ ᠡᠭᠦᠨ ᠢ ᠠᠬᠢᠭᠤᠯᠬᠤ ᠳᠤ᠂ ᠪᠢᠳᠡᠨ ᠳᠦ ᠡᠳ᠋ ᠍ ᠦᠨ ᠵᠠᠰᠠᠭ ᠤᠨ ᠬᠤᠪᠢ ᠳᠤ ᠠᠰᠤᠷᠤ ᠲᠣᠮᠣ ᠪᠣᠯᠤᠮᠵᠢ᠂ ᠪᠣᠯᠤᠯᠴᠠᠭ᠎ᠠ ᠪᠤᠢ ᠪᠣᠯᠤᠨ᠎ᠠ᠃ ᠳᠠᠬᠢᠨ ᠬᠡᠯᠡᠬᠦ ᠳᠦ᠂ ᠲᠥᠷᠥ ᠪᠣᠯᠤᠨ  ᠬᠤᠪᠢ ᠶᠢᠨ ᠬᠡᠪᠰᠢᠯ᠂ ᠮᠡᠷᠭᠡᠰᠢᠭᠰᠡᠨ ᠪᠠᠶᠢᠭᠤᠯᠤᠯᠭ᠎ᠠ ᠨᠤᠭᠤᠳ ᠵᠠᠶᠢᠯᠠᠰᠢ ᠦᠭᠡᠢ ᠬᠠᠮᠲᠤᠷᠠᠵᠤ ᠠᠵᠢᠯᠯᠠᠬᠤ ᠬᠡᠷᠡᠭᠲᠡᠢ᠃

ᠰᠡᠳᠬᠢᠭᠳᠡᠯ ᠦᠯᠡᠳᠡᠭᠡᠬᠦ