ᠨ᠂ ᠪᠠᠲᠤᠰᠠᠭᠤᠷᠢ ᠳᠤ 2  ᠦᠷᠦᠭᠡ ᠪᠠᠶᠢᠷᠢ ᠦᠭᠪᠡ | News.MN

ᠨ᠂ ᠪᠠᠲᠤᠰᠠᠭᠤᠷᠢ ᠳᠤ 2  ᠦᠷᠦᠭᠡ ᠪᠠᠶᠢᠷᠢ ᠦᠭᠪᠡ

ᠦᠨᠳᠦᠰᠦᠨ ᠦ ᠶᠡᠬᠡ ᠪᠠᠶᠠᠷ ᠨᠠᠭᠠᠳᠤᠮ ᠤᠨ ᠬᠦᠴᠦᠲᠦ ᠪᠥᠬᠡ ᠶᠢᠨ ᠪᠠᠷᠢᠯᠳᠤᠭᠠᠨ ᠥᠷᠭᠡᠨ ᠳᠡᠯᠭᠡᠷ ᠰᠠᠶᠢᠬᠠᠨ ᠪᠣᠯᠵᠤ ᠥᠨᠳᠥᠷᠯᠡᠯ᠎ᠡ᠃ ᠡᠨᠡ ᠵᠢᠯ ᠦᠨ ᠪᠠᠷᠢᠯᠳᠤᠭᠠᠨ ᠳᠤ ᠢᠳᠡ ᠬᠠᠪᠤ ᠨᠢ ᠲᠡᠭᠰᠢᠷᠡᠭᠰᠡᠨ 512 ᠪᠥᠬᠡ ᠪᠠᠷᠢᠯᠳᠤᠭᠰᠠᠨ ᠠᠴᠠ ᠤᠪᠰᠤ ᠠᠶᠢᠮᠠᠭ ᠤᠨ ᠬᠣᠪᠳᠣ ᠰᠤᠮᠤ ᠶᠢᠨ ᠬᠠᠷᠢᠶᠠᠲᠤ ᠂ ᠤᠯᠤᠰ ᠤᠨ ᠠᠪᠤᠷᠭᠤ ᠨ ∙ ᠪᠠᠲᠤᠰᠠᠭᠤᠷᠢ ᠦᠵᠦᠭᠦᠷᠯᠡᠵᠦ ᠨᠠᠭᠠᠳᠤᠮᠴᠢᠨ ᠣᠯᠠᠨ ᠢᠶᠠᠨ ᠪᠠᠶᠠᠰᠬᠠᠪᠠ᠃ ᠲᠡᠷᠡᠪᠡᠷ ᠥᠩᠭᠡᠷᠡᠭᠰᠡᠨ ᠵᠢᠯ ᠦᠨ ᠪᠠᠶᠠᠷ ᠨᠠᠭᠠᠳᠤᠮ ᠤᠨ ᠲᠦᠷᠦᠭᠦᠦ ᠪᠥᠬᠡ ᠪᠡᠷ ᠲᠣᠳᠣᠷᠠᠵᠤ ᠠᠪᠤᠷᠭᠤ ᠴᠣᠯᠠ ᠬᠦᠷᠲᠡᠭᠰᠡᠨ ᠪᠢᠯᠡ᠃

ᠤᠯᠠᠭᠠᠨᠪᠠᠭᠠᠲᠤᠷ ᠬᠣᠲᠠ ᠳ᠋ᠡᠬᠢ ᠤᠪᠰᠤ ᠠᠶᠢᠮᠠᠭ ᠤᠨ ᠨᠤᠲᠤᠭ ᠤᠨ ᠵᠥᠪᠯᠡᠯ ᠦᠨ ᠬᠠᠮᠲᠤ ᠣᠯᠠᠨ ᠥᠨᠥᠳᠥᠷ ᠨ ∙ ᠪᠠᠲᠤᠰᠠᠭᠤᠷᠢ ᠠᠪᠤᠷᠭᠤ ᠳᠤ ᠬᠦᠨᠳᠦᠳᠬᠡᠯ ᠦᠵᠡᠭᠦᠯᠦᠭᠰᠡᠨ ᠶᠤᠮ᠃ ᠡᠨᠡ ᠦᠶ᠎ᠡ ᠪᠡᠷ ᠤᠯᠤᠰ ᠤᠨ ᠶᠡᠬᠡ ᠬᠤᠷᠠᠯ ᠤᠨ ᠭᠡᠰᠢᠭᠦᠨ᠂ ᠪᠠᠶᠢᠭᠠᠯᠢ ᠤᠷᠴᠢᠨ ᠠᠶᠠᠯᠠᠯ ᠵᠢᠭᠤᠯᠴᠢᠯᠠᠯ ᠤᠨ  ᠰᠠᠶᠢᠳ᠂  ︽ᠤᠪᠰᠤ ᠨᠠᠭᠤᠷ︾ ᠪᠥᠬᠡ ᠶᠢᠨ ᠭᠠᠯ ᠤᠨ ᠲᠡᠷᠢᠭᠦᠨ ᠨ ∙ ᠴᠡᠷᠡᠩᠪᠠᠲᠤ ᠲᠡᠭᠦᠨ ᠳᠦ ᠤᠯᠠᠮ ᠶᠡᠬᠡ ᠠᠮᠵᠢᠯᠲᠠ ᠭᠠᠷᠭᠠᠬᠤ ᠶᠢ ᠬᠦᠰᠡᠭᠡᠳ᠂ ᠬᠣᠶᠠᠷ ᠥᠷᠥᠭᠡ ᠪᠠᠶᠢᠷᠢ ᠪᠠᠷ ᠱᠠᠩᠨᠠᠯ᠎ᠠ ᠃

ᠰᠡᠳᠬᠢᠭᠳᠡᠯ ᠦᠯᠡᠳᠡᠭᠡᠬᠦ