ᠦᠨᠳᠦᠰᠦᠨ ᠬᠠᠤᠯᠢ ᠶᠢᠨ ᠦᠭᠡᠷᠡᠴᠢᠯᠡᠯᠲᠡ ᠶᠢ ᠶᠡᠷᠦᠩᠬᠡᠶᠢᠯᠡᠭᠴᠢ ᠳᠡᠮᠵᠢᠨ᠎ᠡ | News.MN

ᠦᠨᠳᠦᠰᠦᠨ ᠬᠠᠤᠯᠢ ᠶᠢᠨ ᠦᠭᠡᠷᠡᠴᠢᠯᠡᠯᠲᠡ ᠶᠢ ᠶᠡᠷᠦᠩᠬᠡᠶᠢᠯᠡᠭᠴᠢ ᠳᠡᠮᠵᠢᠨ᠎ᠡ

ᠬᠠᠪᠤᠷ ᠤᠨ ᠴᠢᠭᠤᠯᠭᠠᠨ ᠥᠨᠳᠥᠷᠯᠡᠭᠰᠡᠨ ᠴᠤ ᠡᠭᠡᠯᠵᠢᠲᠦ ᠪᠤᠰᠤ ᠴᠢᠭᠤᠯᠭᠠᠨ ᠢ ᠵᠠᠷᠯᠠᠵᠤ᠂ ᠦᠨᠳᠦᠰᠦᠨ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠬᠡᠯᠡᠯᠴᠡᠭᠦᠯᠭᠡ ᠶᠢ ᠬᠢᠬᠦ ᠭᠡᠵᠤ ᠪᠠᠶᠢᠭ᠎ᠠ᠃ ᠶᠡᠷᠦᠩᠬᠡᠶᠢᠯᠡᠭᠴᠢ ᠡᠨᠡ ᠰᠠᠷ᠎ᠠ ᠶᠢᠨ 16 ᠍ ᠤ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠳᠤ ᠣᠷᠣᠯᠴᠠᠵᠤ᠂ ᠦᠨᠳᠦᠰᠦᠨ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠬᠠᠤᠯᠢ ᠶᠢᠨ ᠲᠥᠰᠥᠯ ᠦᠨ  ᠬᠤᠶᠠᠳᠠᠬᠢ ᠬᠡᠯᠡᠯᠴᠡᠭᠦᠯᠭᠡ ᠶᠢᠨ ᠦᠶ᠎ᠡ ᠪᠡᠷ ᠥᠪᠡᠷ ᠦᠨ ᠰᠠᠨᠠᠯ ᠢᠶᠠᠨ ᠢᠯᠡᠷᠬᠡᠶᠢᠯᠡᠨ᠎ᠡ᠃

ᠨᠠᠭᠠᠳᠤᠮ ᠤᠨ ᠡᠳᠦᠷ ᠦᠳ ᠲᠦ ᠴᠤ ᠦᠨᠳᠦᠰᠦᠨ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠥᠰᠥᠯ ᠦᠨ ᠲᠠᠯ᠎ᠠ ᠪᠠᠷ ᠶᠡᠷᠦᠩᠬᠡᠶᠢᠯᠡᠭᠴᠢ᠂ ᠤᠯᠤᠰ ᠤᠨ ᠶᠡᠬᠡ ᠬᠤᠷᠠᠯ ᠤᠨ ᠳᠠᠷᠤᠭ᠎ᠠ᠂ ᠭᠡᠰᠢᠭᠦᠳ ᠰᠠᠨᠠᠯ ᠢᠶᠠᠨ ᠰᠣᠯᠢᠯᠴᠠᠭᠰᠠᠨ ᠪᠠᠶᠢᠨ᠎ᠠ᠃ ᠲᠤᠬᠠᠶᠢᠯᠠᠪᠠᠯ᠂ ᠬᠦᠢ ᠳᠣᠯᠣᠭᠠᠨ ᠬᠤᠳᠳᠤᠭ ᠲᠤ ᠰᠣᠶᠣᠭᠠᠯᠠᠩ ᠤᠨ ᠤᠷᠤᠯᠳᠤᠭᠠᠨ ᠦᠵᠡᠬᠦ ᠦᠶ᠎ᠡ ᠪᠡᠷ ᠢᠶᠡᠨ ᠶᠡᠷᠦᠩᠬᠡᠶᠢᠯᠡᠭᠴᠢ ᠬ∙ ᠪᠠᠲᠤᠲᠤᠯᠭ᠎ᠠ᠂ ᠤᠯᠤᠰ ᠤᠨ ᠶᠡᠬᠡ ᠬᠤᠷᠠᠯ ᠤᠨ ᠳᠠᠷᠤᠭ᠎ᠠ ᠭ ∙  ᠽᠠᠨᠳᠠᠨᠰᠢᠲᠠᠷ᠎ᠠ᠂ ᠶᠡᠷᠦᠩᠬᠡᠢ ᠰᠠᠶᠢᠳ ᠤ᠊∙ᠬᠦᠷᠡᠯᠰᠦ᠋ᠬᠡ ᠪᠣᠯᠤᠨ ᠤᠯᠤᠰ ᠤᠨ ᠶᠡᠬᠡ ᠬᠤᠷᠠᠯ ᠤᠨ ᠭᠡᠰᠢᠭᠦᠳ ᠦᠨᠳᠦᠰᠦᠨ ᠬᠠᠤᠯᠢ ᠶᠢᠨ ᠬᠡᠯᠡᠯᠴᠡᠭᠦᠯᠭᠡ ᠬᠢᠵᠡᠢ ᠃ ᠡᠨᠡ ᠦᠶ᠎ᠡ ᠪᠡᠷ ᠶᠡᠷᠦᠩᠬᠡᠶᠢᠯᠡᠭᠴᠢ᠂ ᠶᠡᠷᠦᠩᠬᠡᠢ ᠰᠠᠶᠢᠳ ᠨᠠᠷ ᠦᠨᠳᠦᠰᠦᠨ ᠬᠠᠤᠯᠢ ᠶᠢᠨ ᠨᠡᠮᠡᠯᠲᠡ ᠥᠭᠡᠷᠡᠴᠢᠯᠡᠯᠲᠡ ᠶᠢ ᠳᠡᠮᠵᠢᠵᠦ ᠪᠠᠶᠢᠭ᠎ᠠ ᠪᠠᠨ ᠦᠭᠡ ᠬᠡᠯᠡᠬᠦ ᠦᠶ᠎ᠡ ᠪᠡᠷ ᠢᠶᠡᠨ ᠢᠯᠡᠷᠬᠡᠶᠢᠯᠡᠵᠡᠢ᠃

ᠰᠡᠳᠬᠢᠭᠳᠡᠯ ᠦᠯᠡᠳᠡᠭᠡᠬᠦ