ᠠᠮᠧᠷᠢᠺᠠ ᠶᠢᠨ ᠺᠤᠨᠰᠦ᠋ᠯ ᠢ ︽ᠨᠠᠶᠢᠷᠠᠮᠳᠠᠯ︾ ᠮᠧᠳᠠᠯ ᠢᠶᠠᠷ ᠱᠠᠩᠨᠠᠪᠠ | News.MN

ᠠᠮᠧᠷᠢᠺᠠ ᠶᠢᠨ ᠺᠤᠨᠰᠦ᠋ᠯ ᠢ ︽ᠨᠠᠶᠢᠷᠠᠮᠳᠠᠯ︾ ᠮᠧᠳᠠᠯ ᠢᠶᠠᠷ ᠱᠠᠩᠨᠠᠪᠠ

ᠠᠮᠧᠷᠢᠺᠠ ᠶᠢᠨ ᠨᠢᠭᠡᠳᠦᠭᠰᠡᠨ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠺᠤᠨᠰᠦ᠋ᠯ ᠤᠨ ᠬᠡᠯᠲᠡᠰ ᠦᠨ ᠳᠠᠷᠤᠭ᠎ᠠ ᠨᠣᠶᠠᠨ  ᠵᠸᠰᠤᠨ ᠰᠫᠸᠯᠪᠸᠷᠡᠭ ᠢ ᠮᠣᠩᠭᠣᠯ ᠤᠯᠤᠰ ᠤᠨ ᠲᠥᠷᠥ ᠶᠢᠨ ᠳᠡᠭᠡᠳᠦ ᠱᠠᠩᠨᠠᠯ  ︽ᠨᠠᠶᠢᠷᠠᠮᠳᠠᠯ ︾ ᠮᠧᠳᠠᠯ ᠢᠶᠠᠷ ᠱᠠᠩᠨᠠᠭᠰᠠᠨ ᠢ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠽ∙ᠡᠩᠬᠡᠪᠣᠯᠤᠳ ᠥᠨᠥᠳᠥᠷ ᠭᠠᠷᠳᠠᠭᠤᠯᠪᠠ᠃ ᠮᠣᠩᠭᠣᠯ ᠠᠮᠧᠷᠢᠺᠠ ᠶᠢᠨ ᠺᠤᠨᠰᠦ᠋ᠯ ᠤᠨ ᠬᠠᠷᠢᠯᠴᠠᠭ᠎ᠠ ᠶᠢ ᠬᠥᠭᠵᠢᠭᠦᠯᠬᠦ᠂ ᠮᠣᠩᠭᠣᠯ ᠢᠷᠭᠡᠳ ᠠᠮᠧᠷᠢᠺᠠ ᠶᠢᠨ ᠸᠢᠽ ᠮᠡᠳᠡᠭᠦᠯᠬᠦ ᠲᠠᠭᠠᠲᠠᠢ ᠣᠷᠴᠢᠨ ᠢ ᠪᠦᠷᠢᠳᠦᠭᠦᠯᠬᠦ᠂ ᠢᠷᠭᠡᠳ ᠵᠣᠷᠴᠢᠬᠤ ᠨᠥᠬᠥᠴᠡᠯ ᠢ ᠬᠥᠩᠭᠡᠪᠴᠢᠯᠡᠬᠦ ᠴᠢᠭᠯᠡᠯ ᠢᠶᠡᠷ ᠪᠣᠳᠣᠯᠭ᠎ᠠ ᠶᠢᠨ ᠰᠢᠨᠵᠢ ᠲᠡᠢ ᠲᠣᠮᠣᠬᠠᠨ ᠰᠠᠨᠠᠭᠠᠴᠢᠯᠠᠭ᠎ᠠ ᠭᠠᠷᠭᠠᠵᠤ᠂ ᠢᠳᠡᠪᠬᠢ ᠵᠢᠳᠬᠦᠯ ᠲᠡᠢ ᠠᠵᠢᠯᠯᠠᠵᠤ ᠢᠷᠡᠭᠰᠡᠨ ᠢ ᠨᠢ ᠦᠨᠡᠯᠡᠨ ᠳᠡᠭᠡᠷᠡᠬᠢ ᠱᠠᠩᠨᠠᠯ ᠢ ᠣᠯᠭᠤᠵᠠᠢ᠃

ᠵᠸᠰᠤᠨ ᠰᠫᠸᠯᠪᠸᠷᠡᠭ ᠲᠣᠮᠢᠯᠠᠯᠲᠠ ᠶᠢᠨ ᠬᠤᠭᠤᠴᠠᠭ᠎ᠠ ᠪᠠᠨ ᠳᠠᠭᠤᠰᠬᠠᠨ ᠨᠤᠲᠤᠭ ᠪᠤᠴᠠᠵᠤ ᠪᠠᠶᠢᠭ᠎ᠠ ᠪᠥᠭᠡᠳ ᠲᠡᠭᠦᠨ ᠢ 2016 ᠣᠨ ᠠᠴᠠ ᠬᠣᠶᠢᠰᠢ ᠮᠣᠩᠭᠣᠯ ᠳᠤ ᠠᠵᠢᠯᠯᠠᠬᠤ ᠬᠤᠭᠤᠴᠠᠭᠠᠨ ᠳᠤ ᠮᠣᠩᠭᠣᠯ᠂ ᠠᠮᠧᠷᠢᠺᠠ ᠶᠢᠨ ᠬᠣᠭᠣᠷᠣᠨᠳᠣ ᠺᠤᠨᠰᠦ᠋ᠯ ᠤᠨ ᠬᠠᠮᠲᠤ ᠶᠢᠨ ᠠᠵᠢᠯᠯᠠᠭ᠎ᠠ ᠥᠨᠳᠥᠷ ᠲᠦᠪᠰᠢᠨ ᠳᠦ ᠬᠦᠷᠴᠦ᠂ ᠬᠣᠶᠠᠷ ᠲᠠᠯ᠎ᠠ ᠶᠢᠨ ᠠᠯᠪᠠᠨ ᠶᠣᠰᠣᠨ ᠤ ᠶᠠᠷᠢᠶ᠎ᠠ ᠬᠡᠯᠡᠯᠴᠡᠭᠡ ᠬᠢᠬᠦ ᠰᠤᠪᠠᠭ ᠰᠢᠨ᠎ᠡ ᠪᠡᠷ ᠨᠡᠭᠡᠭᠡᠭᠰᠡᠨ᠃ ᠮᠥᠨ ᠲᠡᠷᠡ ᠪᠡᠷ ᠠᠮᠧᠷᠢᠺᠠ   ᠳᠦ ᠪᠣᠭᠣᠨᠢ ᠬᠤᠭᠤᠴᠠᠭ᠎ᠠ ᠪᠠᠷ ᠬᠥᠳᠡᠯᠮᠦᠷᠢ ᠡᠷᠬᠢᠯᠡᠬᠦ H2 ᠸᠢᠽ ᠤᠨ ᠬᠥᠲᠥᠯᠪᠦᠷᠢ ᠶᠢ ᠠᠮᠵᠢᠯᠲᠠ ᠲᠠᠢ ᠬᠡᠷᠡᠭᠵᠢᠭᠦᠯᠬᠦ ᠳᠦ ᠴᠢᠬᠤᠯᠠ ᠡᠭᠦᠷᠭᠡ ᠭᠦᠢᠴᠡᠳᠭᠡᠭᠰᠡᠨ᠃

ᠰᠡᠳᠬᠢᠭᠳᠡᠯ ᠦᠯᠡᠳᠡᠭᠡᠬᠦ