︽ᠲᠥᠷᠥ ᠶᠢᠨ ᠠᠯᠪᠠᠨ ᠬᠠᠭᠠᠭᠴᠢ ᠶᠢᠨ ᠰᠤᠷᠭᠠᠯᠲᠠ ᠶᠢᠨ ᠬᠥᠲᠥᠯᠪᠦᠷᠢ︾ ᠶᠢ ᠪᠠᠲᠤᠯᠠᠪᠠ | News.MN

︽ᠲᠥᠷᠥ ᠶᠢᠨ ᠠᠯᠪᠠᠨ ᠬᠠᠭᠠᠭᠴᠢ ᠶᠢᠨ ᠰᠤᠷᠭᠠᠯᠲᠠ ᠶᠢᠨ ᠬᠥᠲᠥᠯᠪᠦᠷᠢ︾ ᠶᠢ ᠪᠠᠲᠤᠯᠠᠪᠠ

ᠵᠠᠰᠠᠭ ᠤᠨ ᠭᠠᠵᠠᠷ ᠤᠨ ᠥᠨᠥᠳᠥᠷ ᠦᠨ ᠬᠤᠷᠠᠯᠳᠤᠭᠠᠨ ᠢᠶᠠᠷ ︽ᠲᠥᠷᠥ ᠶᠢᠨ ᠠᠯᠪᠠᠨ ᠬᠠᠭᠠᠭᠴᠢ ᠶᠢᠨ ᠪᠣᠭᠣᠨᠢ᠂ ᠳᠤᠮᠳᠠ ᠬᠤᠭᠤᠴᠠᠭᠠᠨ ᠤ ᠰᠤᠷᠭᠠᠯᠲᠠ ᠶᠢᠨ ᠠᠭᠤᠯᠭ᠎ᠠ᠂ ᠰᠤᠷᠭᠠᠯᠲᠠ ᠶᠢᠨ ᠬᠥᠲᠥᠯᠪᠦᠷᠢ ︾ ᠶᠢ ᠪᠠᠲᠤᠯᠠᠪᠠ᠃ ︽ᠲᠥᠷᠥ ᠶᠢᠨ ᠠᠯᠪᠠᠨ ᠤ ᠲᠤᠬᠠᠢ︾ ᠬᠠᠤᠯᠢ ᠳᠤ ᠄ ᠲᠥᠷᠥ ᠶᠢᠨ ᠠᠯᠪᠠᠨ ᠬᠠᠭᠠᠭᠴᠢ ᠶᠢᠨ ᠠᠯᠪᠠᠨ ᠲᠤᠰᠢᠶᠠᠯ ᠤᠨ ᠠᠩᠭᠢᠯᠠᠯ᠂ ᠭᠦᠢᠴᠡᠳᠭᠡᠬᠦ ᠴᠢᠭ ᠡᠭᠦᠷᠭᠡ ᠶᠢ ᠬᠠᠷᠠᠭᠠᠯᠵᠠᠨ ᠮᠡᠷᠭᠡᠰᠢᠭᠦᠯᠬᠦ ᠪᠠᠭᠴᠠ ᠰᠤᠷᠭᠠᠯᠲᠠ᠂ ᠢᠷᠭᠡᠨ ᠢ ᠲᠥᠷᠥ ᠶᠢᠨ ᠠᠯᠪᠠᠨ ᠳᠤ ᠲᠣᠮᠢᠯᠠᠭᠰᠠᠨ ᠤ ᠳᠠᠷᠠᠭ᠎ᠠ ᠪᠣᠭᠣᠨᠢ ᠪᠣᠯᠤᠨ ᠳᠤᠮᠳᠠ ᠬᠤᠭᠤᠴᠠᠭᠠᠨ ᠤ ᠰᠤᠷᠭᠠᠯᠲᠠ ᠶᠢ ᠠᠭᠤᠯᠭ᠎ᠠ᠂ ᠬᠥᠲᠥᠯᠪᠦᠷᠢ ᠶᠢᠨ ᠳᠠᠭᠠᠤ ᠤᠳᠤᠷᠢᠳᠤᠯᠭ᠎ᠠ ᠶᠢᠨ ᠠᠺᠠᠳᠧᠮᠢ ᠬᠠᠷᠢᠭᠤᠴᠠᠨ ᠵᠣᠬᠢᠶᠠᠨ ᠪᠠᠶᠢᠭᠤᠯᠤᠨ᠎ᠠ ᠭᠡᠵᠦ ᠲᠤᠰᠬᠠᠭᠰᠠᠨ ᠪᠠᠶᠢᠨ᠎ᠠ᠃ ᠮᠦᠨ ︽ᠮᠣᠩᠭᠣᠯ᠂ ᠬᠢᠲᠠᠳ ᠤᠨ ᠬᠢᠯᠢ ᠶᠢᠨ ᠪᠣᠭᠣᠮᠲᠠ᠂ ᠲᠡᠳᠡᠭᠡᠷ ᠦᠨ ᠳᠢᠭᠯᠢᠮ ᠦᠨ ᠲᠤᠬᠠᠢ ᠮᠣᠩᠭᠣᠯ ᠤᠯᠤᠰ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ︾ ᠲᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ ᠵᠠᠰᠠᠭ ᠤᠨ ᠭᠠᠵᠠᠷ ᠤᠨ ᠨᠣᠲ ᠪᠢᠴᠢᠭ ᠦᠨ ᠲᠥᠰᠥᠯ ᠢ ᠳᠡᠮᠵᠢᠵᠦ᠂ ᠭᠠᠷ ᠤᠨ ᠦᠰᠦᠭ ᠵᠢᠷᠤᠬᠤ ᠡᠷᠬᠡ ᠶᠢ ᠭᠠᠳᠠᠭᠠᠳᠤ ᠬᠠᠷᠢᠯᠴᠠᠭᠠᠨ ᠤ ᠰᠠᠶᠢᠳ ᠳ ∙ ᠴᠣᠭᠲᠤᠪᠠᠭᠠᠲᠤᠷ ᠲᠤ ᠣᠯᠭᠤᠪᠠ᠃

ᠮᠣᠩᠭᠣᠯ ᠤᠯᠤᠰ᠂ ᠪᠦᠭᠦᠳᠡ ᠨᠠᠶᠢᠷᠠᠮᠳᠠᠬᠤ ᠠᠦ᠋ᠰᠲᠷᠢᠶ᠎ᠠ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠪᠠᠶᠢᠭᠤᠯᠬᠤ ᠰᠠᠩᠬᠦᠦ ᠶᠢᠨ ᠬᠠᠮᠲᠤ ᠶᠢᠨ ᠠᠵᠢᠯᠯᠠᠭᠠᠨ ᠤ ᠬᠡᠯᠡᠯᠴᠡᠭᠡᠷ ᠦᠨ ᠲᠥᠰᠥᠯ ᠢ ᠳᠡᠮᠵᠢᠪᠡ᠃ ᠬᠥᠷᠥᠩᠭᠡ ᠶᠢ ᠳᠡᠳ᠋ ᠪᠦᠲᠦᠴᠡ᠂ ᠬᠣᠲᠠ ᠶᠢᠨ ᠤᠰᠤᠨ ᠬᠠᠩᠭᠠᠮᠵᠢ᠂ ᠪᠣᠬᠢᠷ ᠤᠰᠤ᠂ ᠬᠠᠶᠠᠭᠳᠠᠯ᠂ ᠲᠡᠮᠦᠷ ᠵᠠᠮ ᠤᠨ ᠪᠣᠯᠤᠨ ᠵᠠᠮ ᠤᠨ ᠬᠥᠳᠡᠯᠭᠡᠭᠡᠨ ᠦ  ᠠᠶᠦᠯᠭᠦᠢ ᠪᠠᠶᠢᠳᠠᠯ᠂ ᠡᠷᠡᠭᠦᠯ ᠮᠡᠨᠳᠦ᠂ ᠨᠡᠶᠢᠭᠡᠮ ᠤᠨ ᠬᠠᠮᠠᠭᠠᠯᠠᠯ ᠤᠨ ᠰᠠᠯᠪᠤᠷᠢ ᠳᠤ ᠵᠠᠷᠤᠴᠠᠭᠤᠯᠬᠤ ᠪᠠᠷ ᠲᠥᠯᠥᠪᠯᠡᠭᠰᠡᠨ ᠪᠠᠶᠢᠨ᠎ᠠ᠃ ᠲᠥᠰᠥᠯ ᠢ ᠤᠯᠤᠰ ᠤᠨ ᠶᠡᠬᠡ ᠬᠤᠷᠠᠯ ᠤᠨ ᠬᠣᠯᠪᠣᠭᠳᠠᠬᠤ ᠪᠠᠶᠢᠩᠭᠤ ᠶᠢᠨ ᠬᠣᠷᠢᠶ᠎ᠠ ᠳᠡᠮᠵᠢᠭᠰᠡᠨ ᠲᠣᠬᠢᠶᠠᠯᠳᠤᠯ ᠳᠤ ᠶᠡᠷᠦᠩᠬᠡᠢ ᠰᠠᠶᠢᠳ ᠵᠠᠬᠢᠷᠤᠮᠵᠢ ᠭᠠᠷᠭᠠᠨ ᠬᠡᠯᠡᠯᠴᠡᠭᠡᠷ ᠲᠦ ᠭᠠᠷ ᠤᠨ ᠦᠰᠦᠭ ᠵᠢᠷᠤᠬᠤ ᠡᠷᠬᠡ ᠣᠯᠭᠣᠬᠤ ᠶᠤᠮ᠃

ᠰᠡᠳᠬᠢᠭᠳᠡᠯ ᠦᠯᠡᠳᠡᠭᠡᠬᠦ