ᠲᠡᠭᠡᠭᠡᠪᠦᠷᠢ ᠶᠢᠨ ᠬᠡᠷᠡᠭᠰᠡᠯ ᠢ ᠳᠠᠬᠢᠨ ᠪᠣᠯᠪᠠᠰᠤᠷᠠᠭᠤᠯᠬᠤ ᠲᠥᠪ ᠪᠠᠶᠢᠭᠤᠯᠤᠨ᠎ᠠ | News.MN

ᠲᠡᠭᠡᠭᠡᠪᠦᠷᠢ ᠶᠢᠨ ᠬᠡᠷᠡᠭᠰᠡᠯ ᠢ ᠳᠠᠬᠢᠨ ᠪᠣᠯᠪᠠᠰᠤᠷᠠᠭᠤᠯᠬᠤ ᠲᠥᠪ ᠪᠠᠶᠢᠭᠤᠯᠤᠨ᠎ᠠ

ᠵᠠᠮ ᠲᠡᠭᠡᠭᠡᠪᠦᠷᠢ ᠶᠢᠨ ᠬᠦᠭᠵᠢᠯ ᠦᠨ ᠶᠠᠮᠤᠨ ᠪᠦᠭᠦᠳᠡ ᠨᠠᠶᠢᠷᠠᠮᠳᠠᠬᠤ ᠰᠤᠯᠤᠩᠭᠤᠰ ᠤᠯᠤᠰ ᠍ ᠤᠨ ᠬᠥᠷᠥᠩᠭᠡ ᠣᠷᠣᠭᠤᠯᠤᠯᠲᠠ ᠲᠠᠢ ︽ᠮᠣᠩᠭᠣᠯ ᠠᠦ᠋ᠲ᠋ᠣ᠋ ᠷᠧᠰᠠᠢᠺᠯ ᠫᠠᠷᠺ︾ ᠺᠤᠮᠫᠠᠨᠢ ᠠᠰᠢᠭᠯᠠᠯᠲᠠ ᠠᠴᠠ ᠬᠠᠰᠤᠭᠳᠠᠭᠰᠠᠨ ᠲᠡᠭᠡᠭᠡᠪᠦᠷᠢ ᠶᠢᠨ ᠬᠡᠷᠡᠭᠰᠡᠯ ᠢ ᠳᠠᠬᠢᠨ ᠪᠣᠯᠪᠠᠰᠤᠷᠠᠭᠤᠯᠬᠤ ᠲᠠᠯ᠎ᠠ ᠪᠠᠷ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠪᠠᠶᠢᠭᠤᠯᠪᠠ᠃
︽ᠮᠣᠩᠭᠣᠯ ᠠᠦ᠋ᠲ᠋ᠣ᠋ ᠷᠧᠰᠠᠢᠺᠯ ᠫᠠᠷᠺ︾ ᠺᠤᠮᠫᠠᠨᠢ ᠨᠢ ᠮᠠᠨ ᠤ ᠤᠯᠤᠰ ᠲᠤ ᠠᠰᠢᠭᠯᠠᠯᠲᠠ ᠠᠴᠠ ᠬᠠᠰᠤᠭᠳᠠᠭᠰᠠᠨ ᠲᠡᠭᠡᠭᠡᠪᠦᠷᠢ ᠶᠢᠨ ᠬᠡᠷᠡᠭᠰᠡᠯ ᠢ ᠳᠠᠬᠢᠨ ᠪᠣᠯᠪᠠᠰᠤᠷᠠᠭᠤᠯᠬᠤ ᠴᠣᠭᠴᠠ ᠦᠢᠯᠡᠴᠢᠯᠡᠭᠡᠨ ᠦ ᠲᠥᠪ ᠪᠠᠷᠢᠬᠤ ᠶᠤᠮ᠃ ᠪᠠᠷᠢᠯᠭ᠎ᠠ ᠶᠢᠨ ᠠᠵᠢᠯ ᠢ ᠤᠯᠠᠭᠠᠨᠪᠠᠭᠠᠲᠤᠷ ᠬᠣᠲᠠ ᠶᠢᠨ ︽ᠨᠠᠯᠠᠶᠢᠬᠤ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠪᠦᠷᠢᠯᠡᠯ᠂ ᠲᠧᠭᠨᠣᠯᠣᠭᠢ ᠶᠢᠨ ᠫᠠᠷᠺ︾ ᠲᠤ ᠡᠨᠡ ᠣᠨ ᠤ 9 ᠳ᠋ᠤᠭᠡᠷ ᠰᠠᠷ᠎ᠠ ᠠᠴᠠ ᠡᠬᠢᠯᠡᠭᠦᠯᠦᠨ 2020 ᠣᠨ ᠤ ᠡᠬᠢᠨ ᠦ ᠤᠯᠠᠷᠢᠯ ᠳᠤ ᠪᠠᠭᠲᠠᠭᠠᠨ ᠳᠠᠭᠤᠰᠬᠠᠬᠤ ᠪᠠᠷ ᠲᠥᠯᠥᠪᠯᠡᠵᠡᠢ᠃ ᠲᠡᠭᠡᠭᠡᠪᠦᠷᠢ ᠶᠢᠨ ᠬᠡᠷᠡᠭᠰᠡᠯ ᠢ ᠳᠠᠬᠢᠨ ᠪᠣᠯᠪᠠᠰᠤᠷᠠᠭᠤᠯᠬᠤ ᠴᠣᠭᠴᠠ ᠦᠢᠯᠡᠴᠢᠯᠡᠭᠡᠨ ᠦ ᠲᠥᠪ ᠨᠢ ᠵᠢᠯ ᠳᠦ ᠠᠰᠢᠭᠯᠠᠯᠲᠠ ᠠᠴᠠ ᠬᠠᠰᠤᠭᠳᠠᠭᠰᠠᠨ 5000 ᠲᠡᠭᠡᠭᠡᠪᠦᠷᠢ ᠶᠢᠨ ᠬᠡᠷᠡᠭᠰᠡᠯ ᠢ ᠴᠤᠭᠯᠠᠭᠤᠯᠬᠤ᠂ ᠵᠠᠳᠠᠯᠬᠤ᠂ ᠠᠩᠭᠢᠯᠠᠬᠤ᠂ ᠰᠡᠷᠭᠦᠭᠡᠨ ᠠᠰᠢᠭᠯᠠᠬᠤ᠂  ᠳᠠᠬᠢᠨ ᠪᠣᠯᠪᠠᠰᠤᠷᠠᠭᠤᠯᠬᠤ᠂ ᠤᠰᠠᠳᠬᠠᠬᠤ ᠶᠤᠮ᠃ ᠲᠤᠰ ᠲᠥᠪ ᠠᠰᠢᠭᠯᠠᠯᠲᠠ ᠳᠤ ᠣᠷᠣᠭᠰᠠᠨ ᠢᠶᠠᠷ 50 ᠣᠷᠴᠢᠮ ᠠᠵᠢᠯ ᠤᠨ ᠪᠠᠶᠢᠷᠢ ᠪᠤᠢ ᠪᠣᠯᠤᠨ᠎ᠠ᠃

ᠰᠡᠳᠬᠢᠭᠳᠡᠯ ᠦᠯᠡᠳᠡᠭᠡᠬᠦ