ᠡᠺᠰᠫᠣᠷᠲ ᠤᠨ ᠬᠡᠮᠵᠢᠶ᠎ᠡ  ᠪᠠᠭᠤᠷᠠᠵᠤ᠂ ᠢᠮᠫᠣᠷᠲ ᠥᠰᠴᠠᠢ | News.MN

ᠡᠺᠰᠫᠣᠷᠲ ᠤᠨ ᠬᠡᠮᠵᠢᠶ᠎ᠡ  ᠪᠠᠭᠤᠷᠠᠵᠤ᠂ ᠢᠮᠫᠣᠷᠲ ᠥᠰᠴᠠᠢ

ᠮᠣᠩᠭᠣᠯ ᠤᠯᠤᠰ 2019 ᠣᠨ ᠤ ᠡᠬᠢᠨ ᠦ ᠬᠠᠭᠠᠰ ᠵᠢᠯ ᠳᠦ ᠳᠡᠯᠡᠬᠡᠢ ᠶᠢᠨ 137 ᠤᠯᠤᠰ ᠲᠠᠢ ᠬᠤᠳᠠᠯᠳᠤᠭ᠎ᠠ ᠬᠢᠵᠦ᠂ ᠭᠠᠳᠠᠭᠠᠳᠤ ᠬᠤᠳᠠᠯᠳᠤᠭᠠᠨ ᠤ ᠨᠡᠶᠢᠲᠡ ᠪᠠᠷᠠᠭ᠎ᠠ ᠡᠷᠭᠢᠯᠲᠡ 6.8 ᠲᠡᠷᠪᠤᠮ ᠳ᠋ᠣᠯᠯᠠᠷ ᠲᠤ ᠬᠦᠷᠴᠡᠢ᠃ ᠡᠭᠦᠨ ᠡᠴᠡ 3.9 ᠲᠡᠷᠪᠤᠮ ᠳ᠋ᠣᠯᠯᠠᠷ ᠢ ᠡᠺᠰᠫᠣᠷᠲ᠂ 2.9 ᠲᠡᠷᠪᠤᠮ ᠳ᠋ᠣᠯᠯᠠᠷ ᠢ ᠢᠮᠫᠣᠷᠲ ᠡᠵᠡᠯᠡᠵᠦ ᠪᠠᠶᠢᠨ᠎ᠠ᠃ ᠥᠩᠭᠡᠷᠡᠭᠰᠡᠨ ᠰᠠᠷ᠎ᠠ  ᠳᠤ ᠡᠺᠰᠫᠣᠷᠲ 675.6 ᠰᠠᠶ᠎ᠠ ᠳ᠋ᠣᠯᠯᠠᠷ ᠲᠤ᠂ ᠢᠮᠫᠣᠷᠲ 578.7 ᠰᠠᠶ᠎ᠠ ᠳ᠋ᠣᠯᠯᠠᠷ ᠲᠤ ᠬᠦᠷᠦᠭᠰᠡᠨ ᠃ ᠡᠭᠦᠨ ᠢ ᠲᠠᠪᠤᠳᠤᠭᠠᠷ ᠰᠠᠷ᠎ᠠ ᠲᠠᠢ ᠬᠠᠷᠢᠴᠠᠭᠤᠯᠬᠤ ᠳᠤ ᠡᠺᠰᠫᠣᠷᠲ 75.8 ᠰᠠᠶ᠎ᠠ ᠳ᠋ᠣᠯᠯᠠᠷ ᠢᠶᠠᠷ ᠪᠠᠭᠤᠷᠠᠵᠤ ᠂ ᠢᠮᠫᠣᠷᠲ 29.9 ᠰᠠᠶ᠎ᠠ ᠳ᠋ᠣᠯᠯᠠᠷ ᠢᠶᠠᠷ ᠥᠰᠦᠭᠰᠡᠨ ᠦᠵᠡᠭᠦᠯᠦᠯᠲᠡ ᠶᠤᠮ᠃ ᠨᠡᠶᠢᠲᠡ ᠪᠠᠷᠠᠭ᠎ᠠ ᠡᠷᠭᠢᠯᠲᠡ ᠶᠢᠨ ᠬᠡᠮᠵᠢᠶ᠎ᠡ ᠡᠮᠦᠨᠡᠬᠢ ᠣᠨ ᠤ ᠮᠥᠨ ᠦᠶ᠎ᠡ ᠡᠴᠡ 492.3 ᠰᠠᠶ᠎ᠠ ᠳ᠋ᠣᠯᠯᠠᠷ ᠢᠶᠠᠷ ᠥᠰᠦᠭᠰᠡᠨ ᠪᠥᠭᠡᠳ᠂ ᠡᠭᠦᠨ ᠡᠴᠡ ᠡᠺᠰᠫᠣᠷᠲ 10  ᠬᠤᠪᠢ ᠪᠠᠷ ᠂ ᠢᠮᠫᠣᠷᠲ 4.9 ᠬᠤᠪᠢ ᠪᠠᠷ ᠲᠤᠰ ᠲᠤᠰ ᠥᠰᠴᠠᠢ᠃

ᠨᠡᠶᠢᠲᠡ ᠡᠺᠰᠫᠣᠷᠲ ᠤᠨ 95.8  ᠬᠤᠪᠢ ᠶᠢ  ᠡᠷᠦᠳᠡᠰᠦ ᠪᠦᠲᠦᠭᠡᠭᠳᠡᠬᠦᠨ᠂  ᠨᠡᠬᠡᠮᠡᠯ ᠪᠦᠲᠦᠭᠡᠭᠳᠡᠬᠦᠨ᠂  ᠦᠨᠡᠲᠦ᠂ ᠬᠠᠭᠠᠰ ᠦᠨᠡᠲᠦ ᠴᠢᠯᠠᠭᠤ᠂  ᠮᠧᠲ᠋ᠠᠯ  ᠭᠤᠶᠤᠯᠠᠯ ᠤᠨ ᠵᠦᠢᠯᠡᠰ ᠦᠨ ᠡᠺᠰᠫᠣᠷᠲ ᠡᠵᠡᠯᠡᠵᠦ ᠪᠠᠶᠢᠨ᠎ᠠ᠃ ᠨᠡᠶᠢᠲᠡ ᠢᠮᠫᠣᠷᠲ ᠤᠨ 68.9 ᠬᠤᠪᠢ ᠶᠢ  ᠡᠷᠦᠳᠡᠰᠦ ᠪᠦᠲᠦᠭᠡᠭᠳᠡᠬᠦᠨ᠂  ᠮᠠᠰᠢᠨ ᠮᠧᠬᠠᠨᠢᠭ ᠲᠥᠬᠥᠭᠡᠷᠦᠮᠵᠢ᠂  ᠴᠠᠬᠢᠯᠭᠠᠨ ᠬᠡᠷᠡᠭᠰᠡᠯ᠂ ᠲᠡᠭᠡᠭᠡᠪᠦᠷᠢ ᠶᠢᠨ ᠬᠡᠷᠡᠭᠰᠡᠯ᠂  ᠲᠡᠳᠡᠭᠡᠷ ᠦᠨ ᠡᠳ᠋ ᠠᠩᠭᠢ ᠪᠣᠯᠤᠨ ᠬᠦᠨᠡᠰᠦᠨ ᠦ ᠪᠡᠯᠡᠨ ᠪᠦᠲᠦᠭᠡᠭᠳᠡᠬᠦᠨ ᠦ ᠢᠮᠫᠣᠷᠲ ᠡᠵᠡᠯᠡᠵᠦ ᠪᠠᠶᠢᠨ᠎ᠠ᠃ ᠭᠠᠳᠠᠭᠠᠳᠤ ᠬᠤᠳᠠᠯᠳᠤᠭᠠᠨ ᠤ ᠲᠡᠩᠴᠡᠯ 2018 ᠣᠨ ᠤ ᠡᠬᠢᠨ ᠦ ᠬᠠᠭᠠᠰ ᠵᠢᠯ ᠳᠦ 822.2 ᠰᠠᠶ᠎ᠠ ᠳ᠋ᠣᠯᠯᠠᠷ ᠤᠨ ᠠᠰᠢᠭ ᠲᠠᠢ ᠭᠠᠷᠴᠤ ᠪᠠᠶᠢᠭᠰᠠᠨ ᠪᠣᠯ 2019 ᠣᠨ ᠤ ᠡᠬᠢᠨ ᠦ ᠬᠠᠭᠠᠰ ᠵᠢᠯ ᠳᠦ ᠡᠮᠦᠨᠡᠬᠢ ᠣᠨ ᠤ ᠮᠥᠨ ᠦᠶ᠎ᠡ ᠡᠴᠡ 223.0 ᠰᠠᠶ᠎ᠠ ᠳ᠋ᠣᠯᠯᠠᠷ ᠢᠶᠠᠷ ᠥᠰᠴᠦ᠂ 1.0 ᠲᠡᠷᠪᠤᠮ ᠳ᠋ᠣᠯᠯᠠᠷ ᠤᠨ ᠠᠰᠢᠭ ᠲᠠᠢ ᠭᠠᠷᠪᠠ᠃

ᠰᠡᠳᠬᠢᠭᠳᠡᠯ ᠦᠯᠡᠳᠡᠭᠡᠬᠦ