︽ᠠᠷᠪᠠᠲᠤ︾ ᠲᠡᠮᠡᠴᠡᠭᠡᠨ ᠠᠩᠬ᠎ᠠ ᠤᠳᠠᠭ᠎ᠠ  ᠵᠣᠬᠢᠶᠠᠭᠳᠠᠨ᠎ᠠ | News.MN

︽ᠠᠷᠪᠠᠲᠤ︾ ᠲᠡᠮᠡᠴᠡᠭᠡᠨ ᠠᠩᠬ᠎ᠠ ᠤᠳᠠᠭ᠎ᠠ  ᠵᠣᠬᠢᠶᠠᠭᠳᠠᠨ᠎ᠠ

ᠤᠯᠤᠰ ᠣᠷᠣᠨ ᠪᠦᠷᠢ ᠶᠢᠨ ᠴᠡᠷᠢᠭ ᠦᠨ ᠠᠯᠪᠠ ᠬᠠᠭᠠᠭᠴᠢᠳ ᠤᠨ ᠲᠡᠰᠪᠦᠷᠢ᠂ ᠲᠡᠪᠴᠢᠶᠡᠷᠢ᠂ ᠤᠷ᠎ᠠ ᠴᠢᠳᠠᠪᠤᠷᠢ ᠶᠢ ᠰᠣᠷᠢᠳᠠᠭ ᠲᠣᠮᠣᠬᠠᠨ ᠲᠡᠮᠡᠴᠡᠭᠡᠨ ᠨᠦᠭᠦᠳ ᠦᠨ ᠨᠢᠭᠡ ᠪᠣᠯ ᠠᠷᠮᠢ ᠶᠢᠨ ᠲᠣᠭᠯᠠᠯᠲᠠ᠃ ᠡᠨᠡᠬᠦ ᠲᠡᠮᠡᠴᠡᠭᠡᠨ ᠳᠦ ᠮᠠᠨ ᠤ ᠤᠯᠤᠰ ᠲᠣᠭᠲᠠᠮᠠᠯ ᠠᠮᠵᠢᠯᠲᠠ ᠲᠠᠢ ᠣᠷᠣᠯᠴᠠᠳᠠᠭ᠃ ᠬᠠᠷᠢᠨ ᠡᠨᠡ ᠵᠢᠯ ᠡᠴᠡ ᠡᠬᠢᠯᠡᠨ ᠣᠷᠣᠯᠴᠠᠭᠴᠢ ᠣᠷᠣᠨ ᠠᠴᠠ ᠵᠣᠬᠢᠶᠠᠨ ᠪᠠᠶᠢᠭᠤᠯᠤᠭᠴᠢ ᠣᠷᠣᠨ ᠪᠣᠯᠵᠤ ᠲᠡᠮᠡᠴᠡᠭᠡᠨ ᠳᠦ ᠣᠷᠣᠯᠴᠠᠵᠤ ᠪᠠᠶᠢᠨ᠎ᠠ᠃ ᠤᠴᠢᠷ ᠨᠢ ᠮᠣᠩᠭᠣᠯ ᠤᠯᠤᠰ ᠠᠩᠬ᠎ᠠ ᠤᠳᠠᠭ᠎ᠠ ᠥᠪᠡᠷ ᠦᠨ ᠣᠷᠣᠨ ᠳᠤ ᠠᠷᠪᠠᠲᠤ ᠴᠡᠷᠢᠭ ᠦᠨ ᠮᠣᠷᠢᠨ ᠤᠷᠤᠯᠳᠤᠭᠠᠨ ᠤ ᠲᠡᠮᠡᠴᠡᠭᠡᠨ ᠢ ᠵᠣᠬᠢᠶᠠᠨ ᠪᠠᠶᠢᠭᠤᠯᠤᠨ᠎ᠠ᠃
8 ᠳᠦᠭᠡᠷ ᠰᠠᠷ᠎ᠠ ᠶᠢᠨ 3 ᠠᠴᠠ ᠡᠬᠢᠯᠡᠬᠦ ᠲᠤᠰ ᠲᠡᠮᠡᠴᠡᠭᠡᠨ ᠳᠦ ᠮᠠᠨ ᠤ ᠤᠯᠤᠰ ᠠᠴᠠ ᠭᠠᠳᠠᠨ᠎ᠠ 3 ᠤᠯᠤᠰ ᠤᠨ ᠪᠠᠭ ᠲᠠᠮᠢᠷᠴᠢᠳ ᠤᠷᠤᠯᠴᠠᠬᠤ ᠶᠤᠮ᠃  ᠪᠠᠭ ᠤᠳ 130 ᠺᠢᠯᠣᠮᠧᠲ᠋ᠷ ᠦᠨ ᠵᠠᠮ ᠢ ᠮᠣᠷᠢ ᠪᠠᠷ ᠲᠤᠭᠤᠯᠤᠨ᠎ᠠ᠃ ᠢᠩᠭᠢᠬᠦ ᠳᠦ ᠪᠡᠨ ᠲᠤᠰᠬᠠᠶᠢᠯᠠᠨ ᠪᠡᠯᠡᠳᠦᠭᠰᠡᠨ ᠪᠠᠷᠲᠠᠭ᠎ᠠ ᠰᠠᠭᠠᠳ ᠢ ᠳᠠᠪᠠᠨ ᠲᠤᠭᠤᠯᠬᠤ ᠶᠤᠮ᠃

ᠰᠡᠳᠬᠢᠭᠳᠡᠯ ᠦᠯᠡᠳᠡᠭᠡᠬᠦ