ᠮᠠᠩᠰᠢᠭᠤᠷᠠᠭᠤᠯᠬᠤ ᠤᠷᠭᠤᠮᠠᠯ ᠲᠡᠭᠡᠭᠡᠪᠦᠷᠢᠯᠡᠵᠦ ᠶᠠᠪᠤᠭᠰᠠᠨ ᠢ ᠢᠯᠡᠷᠡᠭᠦᠯᠵᠡᠢ | News.MN

ᠮᠠᠩᠰᠢᠭᠤᠷᠠᠭᠤᠯᠬᠤ ᠤᠷᠭᠤᠮᠠᠯ ᠲᠡᠭᠡᠭᠡᠪᠦᠷᠢᠯᠡᠵᠦ ᠶᠠᠪᠤᠭᠰᠠᠨ ᠢ ᠢᠯᠡᠷᠡᠭᠦᠯᠵᠡᠢ

ᠮᠣᠩᠭᠣᠯ ᠤᠯᠤᠰ ᠤᠨ ᠵᠠᠰᠠᠭ ᠤᠨ ᠭᠠᠵᠠᠷ ᠤᠨ 62 ᠳ᠋ᠤᠭᠠᠷ ᠲᠣᠭᠲᠠᠭᠠᠯ ᠤᠨ ᠬᠡᠷᠡᠭᠵᠢᠯᠲᠡ ᠶᠢ ᠬᠠᠩᠭᠠᠭᠤᠯᠬᠤ ᠠᠵᠢᠯ ᠤᠨ ᠬᠦᠷᠢᠶᠡᠨ ᠳᠦ ᠨᠡᠶᠢᠰᠯᠡᠯ ᠦᠨ ᠮᠡᠷᠭᠡᠵᠢᠯ ᠦᠨ ᠬᠢᠨᠠᠯᠲᠠ ᠶᠢᠨ ᠭᠠᠵᠠᠷ᠂ ᠴᠠᠭᠳᠠᠭ᠎ᠠ ᠶᠢᠨ ᠶᠡᠷᠦᠩᠬᠡᠢ ᠭᠠᠵᠠᠷ ᠶᠢᠨ ᠨᠡᠶᠢᠲᠡ ᠶᠢᠨ ᠬᠡᠪ ᠵᠢᠷᠤᠮ ᠢ ᠬᠠᠮᠠᠭᠠᠯᠠᠬᠤ᠂ ᠣᠯᠠᠨ ᠨᠡᠶᠢᠲᠡ ᠶᠢᠨ ᠠᠶᠤᠯᠭᠦᠢ ᠪᠠᠶᠢᠳᠠᠯ ᠢ ᠬᠠᠩᠭᠠᠬᠤ ᠠᠯᠪᠠᠨ ᠤ ᠬᠦᠷᠢᠶᠡᠯᠡᠨ ᠪᠤᠢ ᠣᠷᠴᠢᠨ ᠤ ᠬᠢᠨᠠᠯᠲᠠ ᠶᠢᠨ ᠬᠡᠯᠲᠡᠰ ᠦᠨ ᠠᠯᠪᠠ ᠬᠠᠭᠠᠭᠴᠢᠳ ᠲᠠᠢ ᠬᠠᠮᠲᠤᠷᠠᠨ  ᠲᠡᠭᠡᠭᠡᠪᠤᠷᠢ ᠶᠢᠨ ᠰᠢᠯᠭᠠᠨ ᠨᠡᠪᠲᠡᠷᠡᠭᠦᠯᠬᠦ ᠲᠣᠪᠴᠢᠶ᠎ᠠ᠂ ᠬᠢᠨᠠᠯᠲᠠ ᠶᠢᠨ  ᠴᠡᠭ ᠦᠳ ᠲᠦ ᠬᠢᠨᠠᠯᠲᠠ ᠰᠢᠯᠭᠠᠯᠲᠠ ᠬᠢᠯ᠎ᠡ᠃
ᠰᠢᠯᠭᠠᠯᠲᠠ ᠪᠠᠷ ᠰᠤᠩᠭᠢᠨ᠎ᠠ ᠬᠠᠶᠢᠷᠬᠠᠨ ᠳᠡᠭᠦᠷᠭᠡ ᠶᠢᠨ 22 ᠳ᠋ᠤᠭᠠᠷ ᠬᠣᠷᠢᠶ᠎ᠠ ᠲᠠᠬᠢᠯᠲᠤ ᠶᠢᠨ ᠬᠢᠨᠠᠯᠲᠠ ᠶᠢᠨ ᠴᠡᠭ ᠦᠨ ᠰᠢᠯᠭᠠᠯᠲᠠ ᠪᠠᠷ Pruis ᠮᠠᠷᠺ ᠤᠨ ᠰᠠᠭᠤᠳᠠᠯ ᠤᠨ ᠮᠠᠰᠢᠨ ᠳᠤ ᠮᠠᠩᠰᠢᠭᠤᠷᠠᠭᠤᠯᠬᠤ ᠲᠥᠷᠥᠯ ᠦᠨ ᠤᠷᠭᠤᠮᠠᠯ ᠢ ᠣᠷᠣᠨ ᠨᠤᠲᠤᠭ ᠠᠴᠠ ᠲᠡᠭᠡᠭᠡᠪᠦᠷᠢᠯᠡᠭᠰᠡᠨ ᠵᠥᠷᠢᠴᠡᠯ ᠢ ᠢᠯᠡᠷᠡᠭᠦᠯᠦᠨ᠂ ᠢᠷᠭᠡᠨ ᠭ᠂ ᠴ ᠢ ᠰᠠᠭᠠᠲᠠᠭᠤᠯᠵᠤ ᠰᠤᠩᠭᠢᠨ᠎ᠠ ᠬᠠᠶᠢᠷᠬᠠᠨ ᠳᠡᠭᠦᠷᠭᠡ ᠶᠢᠨ ᠴᠠᠭᠳᠠᠭ᠎ᠠ ᠶᠢᠨ 1 ᠳ᠋ᠤᠭᠡᠷ ᠬᠡᠯᠲᠡᠰ ᠲᠦ ᠬᠦᠯᠢᠶᠡᠯᠭᠡᠨ ᠥᠭᠴᠡᠢ᠃

ᠰᠡᠳᠬᠢᠭᠳᠡᠯ ᠦᠯᠡᠳᠡᠭᠡᠬᠦ