ᠲᠡᠦᠬᠡᠨ ᠪᠣᠯᠤᠮᠵᠢ ᠶᠢᠨ ᠢᠶᠠᠨ ᠡᠮᠦᠨ᠎ᠡ ᠪᠢᠳᠡ ᠲᠤᠯᠵᠤ ᠢᠷᠡᠭᠡᠳ ᠪᠠᠶᠢᠨ᠎ᠠ | News.MN

ᠲᠡᠦᠬᠡᠨ ᠪᠣᠯᠤᠮᠵᠢ ᠶᠢᠨ ᠢᠶᠠᠨ ᠡᠮᠦᠨ᠎ᠡ ᠪᠢᠳᠡ ᠲᠤᠯᠵᠤ ᠢᠷᠡᠭᠡᠳ ᠪᠠᠶᠢᠨ᠎ᠠ

ᠤᠯᠤᠰ ᠤᠨ ᠶᠡᠬᠡ ᠬᠤᠷᠠᠯ ᠤᠨ 62 ᠭᠡᠰᠢᠭᠦᠨ ᠦ ᠡᠷᠭᠦᠨ ᠮᠡᠳᠡᠭᠦᠯᠦᠭᠰᠡᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠤᠷᠤᠭᠤᠯᠬᠤ ᠨᠡᠮᠡᠯᠲᠡ ᠥᠭᠡᠷᠡᠴᠢᠯᠡᠯᠲᠡ ᠶᠢᠨ ᠲᠥᠰᠥᠯ ᠳᠦ ᠶᠡᠷᠦᠩᠬᠡᠶᠢᠯᠡᠭᠴᠢ ᠶᠢᠨ ᠮᠡᠳᠡᠭᠦᠯᠦᠭᠰᠡᠨ ᠲᠥᠰᠥᠯ ᠦᠨ ᠰᠠᠨᠠᠯ ᠢ ᠲᠤᠰᠬᠠᠬᠤ ᠡᠭᠦᠷᠭᠡ ᠪᠦᠬᠦᠢ ᠵᠥᠪᠰᠢᠯᠴᠡᠯ ᠦᠨ ᠠᠵᠢᠯ ᠤᠨ ᠪᠠᠭ ᠤᠨ ᠲᠥᠯᠦᠪᠯᠡᠭᠡᠨ ᠦ ᠳᠠᠭᠠᠤ ᠲᠥᠷᠥ ᠶᠢᠨ ᠣᠷᠳᠣᠨ ᠳᠤ ᠥᠨᠥᠳᠥᠷ ︽ᠫᠠᠷᠯᠠᠮᠧᠨᠲ ᠤᠨ ᠠᠷᠠᠳᠴᠢᠯᠠᠯ ᠢ ᠲᠥᠯᠦᠪᠰᠢᠭᠦᠯᠵᠦ᠂ ᠠᠷᠠᠳ ᠲᠦᠮᠡᠨ ᠦ ᠵᠠᠰᠠᠭᠯᠠᠬᠤ ᠡᠷᠬᠡ ᠶᠢ ᠬᠠᠩᠭᠠᠬᠤ ᠨᠢ︾ ᠰᠡᠳᠦᠪᠲᠦ ᠬᠡᠯᠡᠯᠴᠡᠭᠦᠯᠭᠡ ᠪᠣᠯᠵᠤ ᠪᠠᠶᠢᠨ᠎ᠠ᠃
ᠬᠡᠯᠡᠯᠴᠡᠭᠦᠯᠭᠡ ᠶᠢᠨ ᠨᠡᠭᠡᠭᠡᠯᠲᠡ ᠳᠦ ᠶᠡᠷᠦᠩᠬᠡᠶᠢᠯᠡᠭᠴᠢ ᠬ∙ᠪᠠᠲᠤᠲᠤᠯᠭ᠎ᠠ᠂ ᠶᠡᠷᠦᠩᠬᠡᠢ ᠰᠠᠶᠢᠳ ᠤ᠊∙ᠬᠦᠷᠡᠯᠰᠦ᠋ᠬᠡ᠂ ᠤᠯᠤᠰ ᠤᠨ ᠶᠡᠬᠡ ᠬᠤᠷᠠᠯ ᠤᠨ ᠲᠥᠷᠥ ᠶᠢᠨ ᠪᠠᠶᠢᠭᠤᠯᠤᠯᠲᠠ ᠶᠢᠨ ᠪᠠᠶᠢᠩᠭᠤ ᠶᠢᠨ ᠬᠣᠷᠢᠶᠠᠨ ᠤ ᠳᠠᠷᠤᠭ᠎ᠠ ᠰ∙ ᠪᠢᠮᠪᠠᠴᠤᠭᠲᠤ ᠂ ᠦᠨᠳᠦᠰᠦᠨ ᠬᠠᠤᠯᠢ ᠳᠤ ᠤᠷᠤᠭᠤᠯᠬᠤ ᠨᠡᠮᠡᠯᠲᠡ ᠥᠭᠡᠷᠡᠴᠢᠯᠡᠯᠲᠡ ᠶᠢᠨ ᠲᠥᠰᠥᠯ ᠦᠨ ᠡᠬᠡ ᠶᠢ ᠪᠠᠷᠢᠭᠴᠢ ᠳ∙ᠯᠦᠨᠳᠡᠵᠠᠨᠼᠠᠨ ᠨᠠᠷ ᠤᠨ ᠠᠯᠪᠠᠨ ᠤ ᠬᠢᠨ ᠣᠷᠣᠯᠴᠠᠯ᠎ᠠ᠃ ᠬ∙ᠪᠠᠲᠤᠲᠤᠯᠭ᠎ᠠ ᠬᠡᠯᠡᠬᠦ ᠳᠦ ᠪᠡᠨ᠄ ᠰᠡᠭᠦᠯ ᠦᠨ ᠠᠷᠪᠠ ᠭᠠᠷᠤᠢ ᠵᠢᠯ ᠦᠨ ᠲᠤᠷᠰᠢ ᠨᠡᠶᠢᠭᠡᠮ ᠤᠨ ᠪᠦᠬᠦ ᠲᠦᠪᠰᠢᠨ ᠳᠦ ᠬᠥᠨᠳᠡᠭᠳᠡᠨ᠂ ᠣᠯᠠᠨ ᠨᠡᠶᠢᠲᠡ ᠪᠡᠷ ᠴᠢᠮᠡᠭᠦᠢ ᠱᠦᠭᠦᠭᠳᠡᠨ ᠬᠡᠯᠡᠯᠴᠡᠭᠳᠡᠵᠦ ᠢᠷᠡᠭᠰᠡᠨ ᠠᠰᠠᠭᠤᠳᠠᠯ ᠤᠳ ᠤᠨ ᠬᠦᠷᠢᠶᠡᠨ ᠳᠦ ᠪᠢᠳᠡ ᠦᠨᠳᠦᠰᠦᠨ ᠬᠠᠤᠯᠢ ᠳᠤ ᠪᠠᠨ ᠨᠡᠮᠡᠯᠲᠡ ᠥᠭᠡᠷᠡᠴᠢᠯᠡᠯᠲᠡ ᠣᠷᠣᠭᠤᠯᠬᠤ ᠪᠠᠷ ᠶᠠᠷᠢᠵᠤ ᠪᠠᠶᠢᠨ᠎ᠠ᠃ ᠥᠭᠡᠷ᠎ᠡ ᠪᠡᠷ ᠬᠡᠯᠡᠪᠡᠯ᠂ ᠣᠯᠠᠨ ᠵᠢᠯ ᠦᠨ ᠲᠤᠷᠰᠢ ᠡᠷᠢᠯᠬᠢᠯᠡᠭᠰᠡᠨ ᠲᠡᠦᠬᠡᠨ ᠪᠣᠯᠤᠮᠵᠢ ᠶᠢᠨ ᠢᠶᠠᠨ ᠡᠮᠦᠨ᠎ᠡ ᠮᠣᠩᠭᠣᠯᠴᠤᠳ ᠪᠢᠳᠡ ᠲᠤᠯᠵᠤ ᠢᠷᠡᠭᠡᠳ ᠪᠠᠶᠢᠨ᠎ᠠ᠃ ᠡᠨᠡᠬᠦ ᠪᠣᠯᠤᠮᠵᠢ ᠶᠢ ᠪᠣᠳᠠᠲᠤ ᠠᠵᠢᠯ ᠪᠣᠯᠭᠠᠬᠤ ᠨᠢ ᠡᠷᠬᠡ ᠪᠠᠷᠢᠭᠴᠢᠳ ᠬᠢᠭᠡᠳ ᠰᠥᠷᠭᠦ ᠬᠦᠴᠦᠨ᠂ ᠤᠯᠤᠰ ᠲᠥᠷᠥ ᠶᠢᠨ ᠪᠤᠰᠤᠳ ᠨᠠᠮ᠂ ᠲᠥᠷᠥ ᠶᠢᠨ ᠪᠠᠶᠢᠭᠤᠯᠤᠯᠭ᠎ᠠ᠂ ᠠᠯᠪᠠᠨ ᠲᠤᠰᠢᠶᠠᠯᠲᠠᠨ᠂ ᠢᠷᠭᠡᠳ᠂ ᠢᠷᠭᠡᠨ ᠦ ᠨᠡᠶᠢᠭᠡᠮ ᠤᠨ ᠪᠠᠶᠢᠭᠤᠯᠤᠯᠭ᠎ᠠ᠂ ᠡᠷᠳᠡᠮᠲᠡᠨ ᠰᠤᠳᠤᠯᠤᠭᠠᠴᠢᠳ ᠲᠠ ᠪᠦᠬᠦᠨ ᠦ ᠤᠬᠠᠮᠰᠠᠷ᠂ ᠠᠯᠤᠰ ᠬᠡᠲᠦ ᠶᠢ ᠬᠠᠷᠠᠬᠤ ᠤᠬᠠᠭᠠᠨ᠂ ᠡᠪ ᠡᠶ᠎ᠡ ᠶᠢ ᠡᠷᠬᠢᠮᠯᠡᠬᠦ ᠰᠡᠳᠬᠢᠯ ᠡᠴᠡ ᠰᠢᠭᠤᠳ ᠬᠠᠮᠢᠶᠠᠷᠬᠤ ᠪᠥᠭᠡᠳ ᠦᠨᠳᠦᠰᠦᠨ ᠦ ᠪᠡᠨ ᠡᠷᠬᠡ ᠠᠰᠢᠭ ᠢ ᠳᠡᠭᠡᠳᠦᠯᠡᠭᠰᠡᠨ ᠵᠥᠪᠰᠢᠯᠴᠡᠯ᠂ ᠣᠶᠢᠯᠠᠭᠠᠯᠴᠠᠯ ᠭᠣᠣᠯᠯᠠᠬᠤ ᠨᠥᠯᠥᠭᠡ ᠲᠡᠢ ᠭᠡᠳᠡᠭ ᠢ ᠣᠨᠴᠠᠯᠠᠨ ᠲᠡᠮᠳᠡᠭᠯᠡᠶ᠎ᠡ᠃
ᠮᠢᠨᠦ ᠪᠣᠯᠪᠠᠰᠤᠷᠠᠭᠤᠯᠤᠭᠰᠠᠨ ᠰᠠᠨᠠᠯ ᠳᠤ᠂ ᠤᠯᠤᠰ ᠤᠨ ᠶᠡᠬᠡ ᠬᠤᠷᠠᠯ ᠤᠨ ᠭᠡᠰᠢᠭᠦᠳ ᠦᠨ ᠲᠣᠭ᠎ᠠ ᠶᠢ 108 ᠪᠣᠯᠭᠠᠵᠤ ᠨᠡᠮᠡᠭᠳᠡᠭᠦᠯᠬᠦ᠂ ᠭᠡᠰᠢᠭᠦᠨ ᠦ ᠪᠦᠷᠢᠨ ᠡᠷᠬᠡ ᠶᠢᠨ ᠬᠤᠭᠤᠴᠠᠭ᠎ᠠ ᠶᠢ ᠲᠠᠪᠤᠨ ᠵᠢᠯ ᠪᠣᠯᠭᠠᠬᠤ᠂ ᠰᠣᠩᠭᠣᠭᠤᠯᠢ ᠶᠢ ᠬᠣᠯᠢᠮᠠᠭ ᠲᠣᠭᠲᠠᠯᠴᠠᠭ᠎ᠠ ᠪᠠᠷ ᠲᠣᠭᠲᠠᠪᠤᠷᠢᠲᠠᠢ ᠶᠠᠪᠤᠭᠤᠯᠵᠤ ᠪᠠᠶᠢᠬᠤ ᠪᠠᠷ ᠲᠤᠰᠬᠠᠭᠰᠠᠨ᠃ ᠮᠥᠨ ᠨᠠᠮ ᠥᠮᠴᠢ ᠦᠭᠡᠢ ᠪᠠᠶᠢᠬᠤ᠂ ᠨᠠᠮ ᠤᠨ ᠣᠷᠣᠯᠭ᠎ᠠ᠂ ᠵᠠᠷᠤᠴᠠᠭᠤᠯᠤᠯᠲᠠ ᠨᠡᠶᠢᠲᠡ ᠳᠦ ᠢᠯᠡ ᠲᠣᠳᠣ ᠪᠠᠶᠢᠬᠤ ᠵᠡᠷᠭᠡ ᠫᠠᠷᠯᠠᠮᠧᠨᠲ ᠤᠨ ᠵᠠᠰᠠᠭᠯᠠᠯ ᠢ ᠤᠯᠠᠮ ᠪᠡᠬᠢᠵᠢᠭᠦᠯᠬᠦ᠂ ᠠᠷᠠᠳ ᠲᠦᠮᠡᠨ ᠦ ᠵᠠᠰᠠᠭᠯᠠᠬᠤ ᠡᠷᠬᠡ ᠶᠢ ᠬᠠᠩᠭᠠᠬᠤ᠂ ᠢᠷᠭᠡᠨ ᠦ ᠦᠨᠳᠦᠰᠦᠨ ᠡᠷᠬᠡ᠂ ᠡᠷᠬᠡ ᠴᠢᠯᠦᠭᠡ ᠶᠢ ᠪᠠᠲᠤᠳᠬᠠᠨ ᠬᠠᠮᠠᠭᠠᠯᠠᠬᠤ ᠠᠴᠢ ᠬᠣᠯᠪᠣᠭᠳᠠᠯ ᠪᠦᠬᠦᠢ ᠰᠢᠯᠭᠠᠭᠤᠷ᠂ ᠱᠠᠭᠠᠷᠳᠠᠯᠭ᠎ᠠ᠂ ᠵᠢᠷᠤᠮ ᠢ ᠲᠣᠭᠲᠠᠭᠠᠭᠰᠠᠨ ᠨᠡᠮᠡᠯᠲᠡ ᠥᠭᠡᠷᠡᠴᠢᠯᠡᠯᠲᠡ ᠶᠢ ᠦᠨᠳᠦᠰᠦᠨ ᠬᠠᠤᠯᠢ ᠳᠤ ᠣᠷᠣᠭᠤᠯᠬᠤ ᠪᠠᠷ ᠰᠠᠨᠠᠯ ᠪᠣᠯᠭᠠᠭᠠᠳ ᠪᠠᠶᠢᠨ᠎ᠠ ᠬᠡᠮᠡᠪᠡ᠃

ᠰᠡᠳᠬᠢᠭᠳᠡᠯ ᠦᠯᠡᠳᠡᠭᠡᠬᠦ