ᠮᠠᠰᠢᠨ ᠬᠦᠮᠦᠨ ‍ᠣ ᠣᠯᠠᠨ ᠤᠯᠤᠰ ᠤᠨ ᠲᠡᠮᠡᠴᠡᠭᠡᠨ ᠡᠬᠢᠯᠡᠯ᠎ᠡ  | News.MN

ᠮᠠᠰᠢᠨ ᠬᠦᠮᠦᠨ ‍ᠣ ᠣᠯᠠᠨ ᠤᠯᠤᠰ ᠤᠨ ᠲᠡᠮᠡᠴᠡᠭᠡᠨ ᠡᠬᠢᠯᠡᠯ᠎ᠡ 

︽ᠬᠠᠨᠪᠣᠭᠳᠠ ROBO 2019︾ ᠯᠸᠭᠤ᠋ ᠷᠣᠪᠣᠲ ᠤᠨ ᠣᠯᠠᠨ ᠤᠯᠤᠰ ᠤᠨ ᠲᠡᠮᠡᠴᠡᠭᠡᠨ ᠡᠮᠦᠨᠡᠭᠤᠪᠢ ᠠᠶᠢᠮᠠᠭ ᠤᠨ ᠬᠠᠨᠪᠣᠭᠳᠠ ᠰᠤᠮᠤᠨ ᠳᠤ ᠥᠨᠥᠳᠥᠷ ᠡᠬᠢᠯᠡᠯ᠎ᠡ᠃ ᠢᠷᠡᠭᠡᠳᠦᠢ ᠶᠢᠨ ᠢᠨᠵᠧᠨᠧᠷ ᠢ ᠪᠡᠯᠡᠳᠬᠡᠬᠦ᠂ ᠲᠡᠳᠡᠨ ᠢ ᠬᠥᠭᠵᠢᠭᠦᠯᠬᠦ ᠵᠣᠷᠢᠯᠭ᠎ᠠ ᠲᠠᠢ ᠲᠡᠮᠡᠴᠡᠭᠡᠨ ᠢ ᠢᠨᠵᠧᠨᠧᠷ ᠬᠡᠷᠡᠭᠴᠡᠭᠡ ᠲᠡᠢ ᠨᠤᠲᠤᠭ  ᠪᠤᠶᠤ ᠡᠮᠦᠨᠡᠭᠣᠪᠢ ᠠᠶᠢᠮᠠᠭ ᠤᠨ ᠬᠠᠨᠪᠣᠭᠳᠠ ᠰᠤᠮᠤᠨ ᠳᠤ ᠠᠩᠬ᠎ᠠ ᠤᠳᠠᠭ᠎ᠠ ᠵᠣᠬᠢᠶᠠᠨ ᠪᠠᠶᠢᠭᠤᠯᠵᠤ ᠪᠠᠶᠢᠭ᠎ᠠ ᠪᠠᠷ ᠢᠶᠠᠨ ᠣᠨᠴᠠᠯᠢᠭ ᠶᠤᠮ᠃
ᠳᠣᠯᠣᠳᠤᠭᠠᠷ ᠰᠠᠷ᠎ᠠ ᠶᠢᠨ 24 ᠬᠦᠷᠲᠡᠯ᠎ᠡ ᠦᠷᠭᠦᠯᠵᠢᠯᠡᠬᠦ ᠲᠡᠮᠡᠴᠡᠭᠡᠨ ᠳᠦ ᠪᠦᠭᠦᠳᠡ ᠨᠠᠶᠢᠷᠠᠮᠳᠠᠬᠤ ᠰᠤᠯᠤᠩᠭᠤᠰ ᠤᠯᠤᠰ᠂ ᠮᠣᠩᠭᠣᠯ ᠤᠯᠤᠰ ᠤᠨ ᠨᠡᠶᠢᠲᠡ 110 ᠭᠠᠷᠤᠢ ᠬᠡᠦᠬᠡᠳ ᠣᠶᠤᠨ ᠤᠬᠠᠭᠠᠨ ᠢᠶᠠᠷ ᠢᠶᠠᠨ ᠥᠷᠢᠰᠦᠯᠳᠦᠵᠦ ᠪᠠᠶᠢᠨ᠎ᠠ᠃ ᠲᠡᠮᠡᠴᠡᠭᠡᠨ ᠳᠦ ᠤᠯᠠᠭᠠᠨᠪᠠᠭᠠᠲᠤᠷ ᠠᠴᠠ 26᠂ ᠡᠮᠦᠨᠡᠭᠣᠪᠢ ᠠᠴᠠ 26᠂ ᠬᠠᠨᠪᠣᠭᠳᠠ ᠠᠴᠠ 26᠂ ᠪᠦᠭᠦᠳᠡ ᠨᠠᠶᠢᠷᠠᠮᠳᠠᠬᠤ ᠰᠤᠯᠤᠩᠭᠤᠰ ᠤᠯᠤᠰ ᠠᠴᠠ 26 ᠬᠡᠦᠬᠡᠳ ᠣᠷᠣᠯᠴᠠᠵᠤ ᠪᠤᠢ᠃
ᠲᠡᠮᠡᠴᠡᠭᠡᠨ ᠢ 2011 ᠣᠨ ᠠᠴᠠ ᠬᠣᠶᠢᠰᠢ ᠵᠣᠬᠢᠶᠠᠨ ᠪᠠᠶᠢᠭᠤᠯᠵᠤ ᠪᠠᠶᠢᠭ᠎ᠠ ᠪᠥᠭᠡᠳ ᠤᠯᠠᠭᠠᠨᠪᠠᠭᠠᠲᠤᠷ  ᠬᠤᠲᠠ ᠳᠤ ᠳᠥᠷᠪᠡᠨ ᠤᠳᠠᠭ᠎ᠠ᠂ ᠪᠤᠰᠤᠳ ᠠᠶᠢᠮᠠᠭ ᠤᠳ ᠲᠤ ᠳᠥᠷᠪᠡᠨ ᠤᠳᠠᠭ᠎ᠠ ᠵᠣᠬᠢᠶᠠᠨ ᠪᠠᠶᠢᠭᠤᠯᠤᠭᠰᠠᠨ ᠪᠠᠶᠢᠨ᠎ᠠ᠃ ᠬᠠᠷᠢᠨ ᠬᠠᠨᠪᠣᠭᠳᠠ ᠰᠤᠮᠤᠨ ᠳᠤ ᠠᠩᠬ᠎ᠠ ᠤᠳᠠᠭ᠎ᠠ ᠪᠣᠯᠵᠤ  ᠤᠭ᠍ᠶᠤᠲᠤᠯᠤᠭᠠᠢ ᠺᠤᠮᠫᠠᠨᠢ ᠰᠠᠩᠬᠦᠦ ᠪᠡᠷ ᠳᠡᠮᠵᠢᠵᠡᠢ᠃

ᠰᠡᠳᠬᠢᠭᠳᠡᠯ ᠦᠯᠡᠳᠡᠭᠡᠬᠦ