ᠲᠠᠶᠢᠯᠠᠨᠳ᠋ ᠤᠨ ᠰᠤᠶᠤᠯ ᠤᠨ ᠡᠳᠦᠷ ᠪᠤᠯᠤᠯ᠎ᠠ | News.MN

ᠲᠠᠶᠢᠯᠠᠨᠳ᠋ ᠤᠨ ᠰᠤᠶᠤᠯ ᠤᠨ ᠡᠳᠦᠷ ᠪᠤᠯᠤᠯ᠎ᠠ

ᠮᠣᠩᠭᠣᠯ ᠤᠯᠤᠰ ᠪᠣᠯᠤᠨ ᠲᠠᠶᠢᠯᠠᠨᠳ᠋ ᠤᠨ ᠸᠠᠩᠲᠤ ᠤᠯᠤᠰ ᠬᠣᠭᠣᠷᠣᠨᠳᠣ ᠳ᠋ᠢᠫᠯᠣᠮᠠᠲ ᠬᠠᠷᠢᠯᠴᠠᠭ᠎ᠠ  ᠲᠤᠭᠲᠠᠭᠠᠭᠰᠠᠨ ᠤ 45 ᠵᠢᠯ ᠦᠨ ᠣᠢ ᠡᠨᠡ ᠵᠢᠯ ᠲᠣᠬᠢᠶᠠᠵᠤ ᠪᠠᠶᠢᠨ᠎ᠠ᠃ ᠡᠨᠡᠬᠦ ᠣᠢ ᠶᠢᠨ ᠪᠠᠶᠠᠷ ᠤᠨ ᠬᠦᠷᠢᠶᠡᠨ ᠳᠦ  ᠲᠠᠶᠢᠯᠠᠨᠳ᠋ ᠤᠨ ᠸᠠᠩᠲᠤ ᠤᠯᠤᠰ ᠤᠨ ᠺᠤᠨᠰᠦ᠋ᠯ ᠤᠨ ᠭᠠᠵᠠᠷ ᠠᠴᠠ 7 ᠳ᠋ᠤᠭᠠᠷ ᠰᠠᠷ᠎ᠠ ᠶᠢᠨ 19  ᠳᠦ ᠪᠤᠶᠤ ᠪᠠᠰᠠᠩ ᠭᠠᠷᠠᠭ ᠲᠤ ᠰᠦᠬᠡᠪᠠᠭᠠᠲᠤᠷ ᠤᠨ ᠲᠠᠯᠠᠪᠠᠢ ᠳᠤ ︽ᠲᠠᠶᠢᠯᠠᠨᠳ᠋ ᠤᠨ ᠰᠤᠶᠤᠯ ᠤᠨ ᠡᠳᠦᠷ︾᠍ ᠢ ᠠᠩᠬ᠎ᠠ ᠤᠳᠠᠭ᠎ᠠ ᠵᠣᠬᠢᠶᠠᠨ ᠪᠠᠶᠢᠭᠤᠯᠤᠯ᠎ᠠ᠃
ᠡᠨᠡᠬᠦ ᠨᠡᠭᠡᠭᠡᠯᠲᠡ ᠲᠡᠢ ᠡᠳᠦᠷᠯᠢᠭ ᠲᠦ ᠲᠠᠶᠢᠯᠠᠨᠳ᠋ ᠤᠨ ᠸᠠᠩᠲᠤ ᠤᠯᠤᠰ ᠤᠨ ᠰᠤᠶᠤᠯ᠂ ᠠᠵᠤ ᠠᠬᠤᠢ᠂ ᠤᠯᠠᠮᠵᠢᠯᠠᠯ ᠲᠠᠢ ᠲᠠᠨᠢᠯᠴᠠᠨ᠂ ᠤᠷᠠᠯᠢᠭ ᠰᠤᠶᠤᠯ ᠤᠨ ᠲᠣᠭᠯᠠᠯᠲᠠ ᠶᠢ ᠰᠣᠨᠢᠷᠬᠠᠵᠤ᠂ ᠦᠨᠳᠦᠰᠦᠨ ᠦ ᠬᠣᠭᠣᠯᠠ ᠠᠮᠲᠠᠯᠠᠨ᠂ ᠲᠠᠶᠢᠯᠠᠨᠳ᠋ ᠤᠨ ᠨᠡᠷ᠎ᠡ ᠶᠢᠨ ᠬᠠᠭᠤᠳᠠᠰᠤ ᠪᠣᠯᠤᠭᠰᠠᠨ ᠮᠠᠰᠰᠠᠵᠢ ᠬᠢᠯᠭᠡᠬᠦ ᠵᠡᠷᠭᠡ ᠰᠣᠨᠢᠷᠬᠠᠯᠲᠠᠢ ᠦᠢᠯᠡᠴᠢᠯᠡᠭᠡᠨ ᠨᠦᠭᠦᠳ ᠢ ᠠᠪᠬᠤ ᠪᠣᠯᠤᠮᠵᠢ ᠲᠠᠢ ᠪᠠᠶᠢᠭᠰᠠᠨ᠃ ︽ᠤᠸᠠᠢ ᠡᠨᠳ᠋ ᠠᠷ ᠮᠣᠩᠭᠣᠯᠢᠶᠠ︾ ᠺᠤᠮᠫᠠᠨᠢ ᠨᠢ  ᠲᠠᠶᠢᠯᠠᠨᠳ᠋ ᠤᠨ ᠸᠠᠩᠲᠤ ᠤᠯᠤᠰ ᠪᠣᠯᠤᠨ ᠮᠣᠩᠭᠣᠯ ᠤᠯᠤᠰ ᠬᠣᠭᠣᠷᠣᠨᠳᠣ ᠶᠢᠨ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 45 ᠵᠢᠯ ᠦᠨ ᠣᠢ ᠶᠢ ᠲᠡᠮᠳᠡᠭᠯᠡᠨ ᠥᠩᠭᠡᠷᠡᠭᠦᠯᠬᠦ ᠠᠵᠢᠯ ᠢ ᠵᠣᠬᠢᠶᠠᠨ ᠪᠠᠶᠢᠭᠤᠯᠬᠤ ᠠᠭᠧᠨᠲᠯᠢᠭ ᠢᠶᠠᠷ ᠰᠣᠩᠭᠣᠭᠳᠠᠨ ᠠᠵᠢᠯᠯᠠᠵᠠᠢ᠃

ᠰᠡᠳᠬᠢᠭᠳᠡᠯ ᠦᠯᠡᠳᠡᠭᠡᠬᠦ