ᠶᠡᠷᠦᠩᠬᠡᠶᠢᠯᠡᠭᠴᠢ ᠠᠮᠧᠷᠢᠺᠠ  ᠳᠦ ᠠᠶᠢᠯᠴᠢᠯᠠᠨ᠎ᠠ  | News.MN

ᠶᠡᠷᠦᠩᠬᠡᠶᠢᠯᠡᠭᠴᠢ ᠠᠮᠧᠷᠢᠺᠠ  ᠳᠦ ᠠᠶᠢᠯᠴᠢᠯᠠᠨ᠎ᠠ 

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠳᠣᠯᠣᠳᠤᠭᠠᠷ ᠰᠠᠷ᠎ᠠ ᠶᠢᠨ ᠰᠡᠭᠦᠯᠡᠷ ᠠᠮᠧᠷᠢᠺᠠ ᠶᠢᠨ ᠨᠢᠭᠡᠳᠦᠭᠰᠡᠨ ᠤᠯᠤᠰ ᠲᠤ ᠠᠶᠢᠯᠴᠢᠯᠠᠯ ᠬᠢᠬᠦ ᠪᠡᠷ ᠲᠥᠯᠥᠪᠯᠡᠵᠡᠢ᠃ ᠲᠣᠳᠣᠷᠠᠭᠤᠯᠪᠠᠯ᠂ ᠳᠣᠯᠣᠳᠤᠭᠠᠷ ᠰᠠᠷ᠎ᠠ ᠶᠢᠨ 30 ᠍ ᠳᠦ ᠡᠬᠡ ᠣᠷᠣᠨ ᠠᠴᠠ ᠪᠠᠨ ᠮᠣᠷᠳᠠᠨ᠎ᠠ᠃
ᠠᠶᠢᠯᠴᠢᠯᠠᠯ ᠨᠡᠶᠢᠲᠡ ᠳᠥᠷᠪᠡᠨ ᠡᠳᠦᠷ ᠦᠷᠭᠦᠯᠵᠢᠯᠡᠬᠦ ᠪᠥᠭᠡᠳ ᠮᠣᠩᠭᠣᠯ ᠤᠨ ᠨᠣᠣᠰᠣ ᠨᠤᠯᠤᠤᠷ ᠤᠨ ᠪᠦᠲᠦᠭᠡᠭᠳᠡᠬᠦᠨ ᠢ ᠲᠠᠲᠠᠪᠤᠷᠢ ᠦᠭᠡᠢ ᠤᠷᠤᠭᠤᠯᠬᠤ ᠠᠰᠠᠭᠤᠳᠠᠯ ᠢᠶᠠᠷ ᠠᠮᠧᠷᠢᠺᠠ  ᠲᠠᠢ ᠶᠠᠷᠢᠶ᠎ᠠ ᠬᠡᠯᠡᠯᠴᠡᠭᠡ ᠬᠢᠬᠦ ᠪᠡᠷ ᠪᠣᠯᠵᠠᠢ᠃ ᠠᠮᠧᠷᠢᠺᠠ ᠶᠢᠨ ᠺᠣᠩᠷᠧᠰᠰ ᠤᠨ ᠨᠡᠷ᠎ᠡ ᠪᠦᠬᠦᠢ ᠭᠡᠰᠢᠭᠦᠳ ᠡᠨᠡ ᠣᠨ ᠤ ᠳᠥᠷᠪᠡᠳᠦᠭᠡᠷ ᠰᠠᠷ᠎ᠠ ᠶᠢᠨ 11᠍ ᠤ ᠡᠳᠦᠷ ᠮᠣᠩᠭᠣᠯ ᠠᠮᠧᠷᠢᠺᠠ ᠶᠢᠨ ᠬᠣᠭᠣᠷᠣᠨᠳᠣᠬᠢ ᠣᠶᠣᠮᠠᠯ᠂ ᠰᠦᠯᠵᠢᠮᠡᠯ ᠪᠦᠲᠦᠭᠡᠭᠳᠡᠬᠦᠨ ᠦ ᠬᠤᠳᠠᠯᠳᠤᠭ᠎ᠠ ᠶᠢ ᠨᠡᠮᠡᠭᠳᠡᠭᠦᠯᠬᠦ ᠵᠣᠷᠢᠯᠭ᠎ᠠ ᠲᠠᠢ ᠭᠤᠷᠪᠠᠳᠠᠭᠴᠢ ᠬᠥᠷᠰᠢ ᠶᠢᠨ ᠬᠤᠳᠠᠯᠳᠤᠭᠠᠨ ᠤ ᠬᠠᠤᠯᠢ ᠶᠢ ᠳᠠᠬᠢᠨ ᠬᠡᠯᠡᠯᠴᠡᠭᠦᠯᠬᠦ ᠪᠡᠷ ᠺᠣᠩᠷᠧᠰᠰ  ᠲᠤ ᠡᠷᠭᠦᠨ ᠪᠠᠷᠢᠭᠰᠠᠨ ᠶᠤᠮ᠃  ᠮᠦᠨ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠰᠲᠷᠠᠲ᠋ᠧᠭᠢ ᠣᠯᠠᠨ ᠤᠯᠤᠰ ᠤᠨ ᠰᠤᠳᠤᠯᠭᠠᠨ ᠤ ᠲᠥᠪ ᠪᠤᠶᠤ CSIS ᠬᠦᠷᠢᠶᠡᠯᠡᠩ ᠡᠴᠡ ᠵᠣᠬᠢᠶᠠᠨ ᠪᠠᠶᠢᠭᠤᠯᠵᠤ ᠪᠤᠢ Global Leaders Forum ᠍ ᠳᠦ ᠣᠷᠣᠯᠴᠠᠵᠤ᠂  ︽ᠠᠮᠧᠷᠢᠺᠠ ᠮᠣᠩᠭᠣᠯ  ᠤᠨ ᠢᠷᠡᠭᠡᠳᠦᠢ ᠶᠢᠨ ᠬᠠᠷᠢᠯᠴᠠᠭ᠎ᠠ》 ᠰᠡᠳᠦᠪ ᠢᠶᠡᠷ ᠢᠯᠡᠳᠬᠡᠯ ᠲᠠᠯᠪᠢᠬᠤ ᠠᠵᠡᠢ᠃

ᠰᠡᠳᠬᠢᠭᠳᠡᠯ ᠦᠯᠡᠳᠡᠭᠡᠬᠦ