ᠡᠮᠦᠨᠡᠭᠣᠪᠢ ᠠᠶᠢᠮᠠᠭ ᠤᠨ ᠮᠠᠯᠴᠢᠳ ᠶᠡᠷᠦᠩᠬᠡᠢ ᠰᠠᠶᠢᠳ ᠲᠤ ᠱᠠᠭᠠᠷᠳᠠᠬᠤ ᠪᠢᠴᠢᠭ ᠬᠦᠷᠭᠡᠭᠦᠯᠬᠦ ᠪᠡᠨ ᠮᠡᠳᠡᠭᠳᠡᠯ᠎ᠡ᠃ ᠲᠤᠰ ᠠᠶᠢᠮᠠᠭ ᠤᠨ ᠲᠣᠰᠣᠲᠤ᠂ ᠲᠣᠰᠤᠨ ᠪᠤᠮᠪᠠ ᠶᠢᠨ ᠨᠢᠷᠤᠭᠤᠨ ᠤ 896524.44 ᠭᠠ ᠭᠠᠵᠠᠷ ᠢ ᠤᠯᠤᠰ ᠤᠨ ᠲᠤᠰᠬᠠᠢ ᠬᠠᠮᠠᠭᠠᠯᠠᠯᠲᠠ ᠳᠤ ᠠᠪᠬᠤ ᠲᠤᠬᠠᠢ ᠣᠷᠣᠨ ᠨᠤᠲᠤᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠪᠠᠷ ᠬᠡᠯᠡᠯᠴᠡᠵᠦ ᠭᠠᠷᠭᠠᠭᠰᠠᠨ ᠬᠦᠰᠡᠯᠲᠡ ᠶᠢᠨ ᠳᠠᠭᠠᠤ 2016 ᠣᠨ ᠤ ᠳᠥᠷᠪᠡᠳᠦᠭᠡᠷ ᠰᠠᠷ᠎ᠠ ᠶᠢᠨ 14 ᠦ ᠡᠳᠦᠷ ᠲᠤᠰ ᠭᠠᠵᠠᠷ ᠢ ᠤᠯᠤᠰ ᠤᠨ ᠲᠤᠰᠬᠠᠢ ᠬᠠᠮᠠᠭᠠᠯᠠᠯᠲᠠ ᠳᠤ ᠠᠪᠴᠠᠢ᠃ ᠭᠡᠪᠡᠴᠦ ᠵᠠᠰᠠᠭ ᠤᠨ ᠭᠠᠵᠠᠷ ᠤᠨ ᠡᠷᠬᠡ ᠶᠢᠨ ᠬᠦᠷᠢᠶᠡᠨ ᠳᠦ ᠬᠢᠯᠢ ᠶᠢᠨ ᠵᠠᠭᠠᠭ ᠲᠣᠭᠲᠠᠭᠠᠬᠤ ᠰᠢᠢᠳᠪᠦᠷᠢ ᠪᠡᠷ ᠲᠤᠰ ᠭᠠᠵᠠᠷ ᠲᠤ ᠪᠠᠭᠲᠠᠵᠤ ᠪᠠᠶᠢᠭᠰᠠᠨ South gobi trans ᠺᠣᠮᠫᠠᠨᠢ ᠶᠢᠨ ᠭᠠᠵᠠᠷ ᠢ ᠦᠯᠡᠳᠡᠭᠡᠵᠦ᠂ 730000 ᠭᠠ ᠭᠠᠵᠠᠷ ᠢ ᠲᠤᠰᠬᠠᠢ ᠬᠠᠮᠠᠭᠠᠯᠠᠯᠲᠠ ᠳᠤ ᠠᠪᠬᠤ ᠰᠢᠢᠳᠪᠦᠷᠢ ᠳᠠᠬᠢᠨ ᠭᠠᠷᠭᠠᠭᠰᠠᠨ ᠪᠠᠶᠢᠨ᠎ᠠ᠃ ᠡᠨᠡ ᠰᠢᠢᠳᠪᠦᠷᠢ ᠶᠢ ᠡᠮᠦᠨᠡᠭᠣᠪᠢ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠲᠥᠯᠥᠭᠡᠯᠡᠭᠴᠢᠳ ᠡᠰᠡᠷᠭᠦᠴᠡᠨ ᠥᠨᠥᠳᠥᠷ ᠢ ᠬᠦᠷᠲᠡᠯ᠎ᠡ ᠬᠦᠰᠡᠯᠲᠡ ᠬᠦᠷᠭᠡᠭᠦᠯᠦᠭᠰᠡᠭᠡᠷ ᠪᠠᠶᠢᠭ᠎ᠠ ᠠᠵᠠᠢ᠃ South Gobi Trans ᠺᠤᠮᠫᠠᠨᠢ ᠶᠢ ᠬᠠᠤᠯᠢ ᠡᠷᠬᠡ ᠵᠦᠢ ᠶᠢᠨ ᠮᠡᠷᠭᠡᠵᠢᠯ ᠦᠨ ᠪᠠᠭ ᠪᠦᠷᠢᠳᠦᠭᠦᠯᠦᠨ ᠰᠢᠯᠭᠠᠭᠰᠠᠨ ᠤ ᠦᠨᠳᠦᠰᠦᠨ ᠳᠡᠭᠡᠷ᠎ᠡ ᠬᠡᠳᠦ ᠬᠡᠳᠦᠨ ᠵᠥᠷᠢᠴᠡᠯ ᠢᠯᠡᠷᠡᠭᠦᠯᠵᠡᠢ᠃
1. South gobi trans ᠺᠣᠮᠫᠠᠨᠢ ᠳᠤ ᠠᠰᠢᠭᠯᠠᠯᠲᠠ ᠶᠢᠨ ᠲᠤᠰᠬᠠᠢ ᠵᠥᠪᠰᠢᠶᠡᠷᠡᠯ ᠢ ᠬᠠᠤᠯᠢ ᠪᠤᠰᠤ ᠪᠠᠷ ᠣᠯᠭᠤᠵᠠᠢ᠃ ᠡᠭᠦᠨ ᠢ ᠪᠠᠶᠢᠭᠠᠯᠢ ᠶᠢᠨ ᠪᠠᠶᠠᠯᠢᠭ ᠢ ᠬᠠᠤᠯᠢ ᠪᠤᠰᠤ ᠪᠠᠷ ᠣᠯᠪᠤᠷᠢᠯᠠᠭᠰᠠᠨ ᠭᠡᠵᠦ ᠦᠵᠡᠬᠦ ᠶᠤᠮ᠃
2. ᠲᠤᠰ ᠺᠤᠮᠫᠠᠨᠢ ᠪᠠᠶᠢᠭᠠᠯᠢ ᠣᠷᠴᠢᠨ ᠤ ᠨᠠᠷᠢᠪᠴᠢᠯᠠᠭᠰᠠᠨ ᠦᠨᠡᠯᠡᠭᠡ ᠪᠠᠲᠤᠯᠠᠭᠳᠠᠭ᠎ᠠ ᠦᠭᠡᠢ ᠪᠠᠶᠢᠬᠤ ᠳᠤ ᠣᠯᠪᠤᠷᠢᠯᠠᠯᠲᠠ ᠬᠢᠵᠦ ᠡᠬᠢᠯᠡᠵᠡᠢ᠃
3. ᠮᠥᠨ ᠲᠤᠰ ᠺᠣᠮᠫᠠᠨᠢ ︽ᠠᠰᠢᠭᠲᠤ ᠮᠠᠯᠲᠠᠮᠠᠯ ᠤᠨ ᠲᠤᠬᠠᠢ︾ ᠬᠠᠤᠯᠢ ᠶᠢᠨ 40.2 ᠳᠠᠬᠢ ᠵᠢᠭᠠᠯᠲᠠ ᠶᠢ ᠵᠥᠷᠢᠴᠡᠭᠰᠡᠨ᠃ ︽ᠰᠤᠶᠤᠯ ᠤᠨ ᠥᠪ ᠦᠨ ᠲᠤᠬᠠᠢ︾ ᠬᠠᠤᠯᠢ ᠶᠢᠨ 27.10 ᠳᠦ ᠵᠢᠭᠠᠭᠰᠠᠨ ᠢᠶᠠᠷ ᠲᠤᠬᠠᠢ ᠶᠢᠨ ᠺᠣᠮᠫᠠᠨᠢ ᠶᠢ ᠠᠷᠬᠧᠣᠯᠣᠭᠢ ᠶᠢᠨ ᠬᠠᠶᠢᠭᠤᠯ ᠰᠤᠳᠤᠯᠭᠠᠨ ᠬᠢᠯᠭᠡᠭᠡ ᠦᠭᠡᠢ ᠲᠣᠬᠢᠶᠠᠯᠳᠤᠯ ᠳᠤ ᠭᠠᠵᠠᠷ ᠤᠨ ᠵᠥᠪᠰᠢᠶᠡᠷᠡᠯ ᠢ ᠬᠦᠴᠦᠨ ᠦᠭᠡᠢ ᠪᠣᠯᠭᠠᠬᠤ ᠦᠨᠳᠦᠰᠦᠯᠡᠯ ᠪᠣᠯᠳᠠᠭ᠃ ᠭᠡᠪᠡᠴᠦ ᠨᠡᠷ᠎ᠡ ᠪᠦᠬᠦᠢ ᠡᠷᠳᠡᠮᠲᠡᠨ ᠬᠤᠤᠪᠢᠯᠳᠤᠨ᠂ ᠬᠣᠪᠣᠷ ᠣᠯᠳᠠᠪᠤᠷᠢ ᠨᠤᠭᠤᠳ ᠤᠨ ᠲᠠᠯ᠎ᠠ ᠪᠠᠷ ᠰᠤᠮᠤ ᠶᠢᠨ ᠪᠠᠶᠢᠴᠠᠭᠠᠭᠴᠢᠳ ᠬᠠᠭᠤᠷᠠᠮᠴᠢ ᠪᠠᠷᠢᠮᠲᠠ ᠪᠦᠷᠢᠳᠦᠭᠦᠯᠦᠨ ᠥᠭᠭᠦᠭᠰᠡᠨ ᠪᠠᠶᠢᠨ᠎ᠠ᠃ ᠠᠰᠢᠭᠲᠤ ᠮᠠᠯᠲᠠᠮᠠᠯ ᠤᠨ ᠲᠠᠯᠠᠪᠠᠢ ᠳᠡᠭᠡᠷ᠎ᠡ ᠨᠢ ᠬᠡᠳᠦᠨ ᠮᠢᠩᠭᠠᠨ ᠵᠢᠯ ᠦᠨ ᠨᠠᠰᠤ ᠲᠠᠢ ᠣᠯᠳᠠᠪᠤᠷᠢ ᠨᠤᠭᠤᠳ ᠪᠠᠶᠢᠭ᠎ᠠ ᠠᠵᠠᠢ᠃ ᠡᠮᠦᠨᠡᠭᠣᠪᠢ ᠠᠶᠢᠮᠠᠭ ᠤᠨ ᠭᠤᠷᠪᠠᠨ ᠲᠡᠰ ᠰᠤᠮᠤ ᠶᠢᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠲᠡᠷᠢᠭᠦᠯᠡᠭᠴᠢ ᠪ∙ᠳᠡᠵᠢᠳ South gobi trans ᠺᠣᠮᠫᠠᠨᠢ ᠶᠢᠨ ᠪᠠᠶᠢᠭᠠᠯᠢ ᠣᠷᠴᠢᠨ ᠤ ᠨᠠᠷᠢᠪᠴᠢᠯᠠᠭᠰᠠᠨ ᠦᠨᠡᠯᠡᠭᠡ ᠶᠢ ᠲᠦᠳᠡᠭᠡᠯᠵᠡᠭᠦᠯᠵᠦ ᠥᠭᠭᠦᠨ᠎ᠡ ᠦᠦ ᠭᠡᠵᠦ ᠰᠠᠯᠪᠤᠷᠢ ᠶᠢᠨ ᠶᠠᠮᠤᠨ ᠳᠤ ᠬᠠᠨᠳᠤᠭᠰᠠᠨ ᠴᠤ ᠥᠨᠥ ᠶᠢ ᠬᠦᠷᠲᠡᠯ᠎ᠡ ᠰᠢᠢᠳᠦᠭᠰᠡᠨ ᠦᠭᠡᠢ᠃ ᠲᠡᠶᠢᠮᠦ ᠡᠴᠡ ᠨ∙ᠴᠡᠷᠡᠩᠪᠠᠲᠤ ᠰᠠᠶᠢᠳ ᠭᠠᠵᠠᠷ ᠤᠨ ᠳᠠᠷᠤᠭ᠎ᠠ ᠳᠤ ᠪᠠᠨ ᠶᠠᠮᠠᠷ ᠠᠷᠭ᠎ᠠ ᠬᠡᠮᠵᠢᠶ᠎ᠡ ᠠᠪᠬᠤ ᠠᠴᠠ ᠬᠠᠮᠢᠶᠠᠷᠴᠦ ᠪᠢᠳᠡ ᠰᠢᠭᠦᠬᠦ ᠳᠦ ᠬᠠᠨᠳᠤᠬᠤ ᠡᠰᠡᠬᠦ ᠪᠡᠨ ᠰᠢᠢᠳᠦᠨ᠎ᠡ ᠭᠡᠳᠡᠭ ᠢᠶᠡᠨ ᠮᠡᠳᠡᠭᠳᠡᠯ᠎ᠡ᠃