ᠣᠯᠠᠨ ᠤᠯᠤᠰ ᠤᠨ ᠪᠦᠵᠢᠭᠴᠢᠳ ᠦᠨ ᠤᠷᠤᠯᠳᠤᠭᠠᠨ ᠳᠤ ᠲᠡᠷᠢᠭᠦᠯᠡᠵᠡᠢ  | News.MN

ᠣᠯᠠᠨ ᠤᠯᠤᠰ ᠤᠨ ᠪᠦᠵᠢᠭᠴᠢᠳ ᠦᠨ ᠤᠷᠤᠯᠳᠤᠭᠠᠨ ᠳᠤ ᠲᠡᠷᠢᠭᠦᠯᠡᠵᠡᠢ 

ᠪᠦᠭᠦᠳᠡ ᠨᠠᠶᠢᠷᠠᠮᠳᠠᠬᠤ ᠰᠤᠯᠤᠩᠭᠤᠰ ᠤᠯᠤᠰ᠍ ᠤᠨ ᠰᠸᠦ᠋ᠯ ᠬᠤᠲᠠ ᠳᠤ ᠵᠣᠬᠢᠶᠠᠨ ᠪᠠᠶᠢᠭᠤᠯᠤᠭᠰᠠᠨ ᠣᠯᠠᠨ ᠤᠯᠤᠰ ᠤᠨ ᠭᠣᠴᠣᠯᠠᠯ ᠪᠦᠵᠢᠭᠴᠢᠳ ᠦᠨ ᠠᠷᠪᠠᠨ ᠵᠢᠷᠭᠤᠳᠤᠭᠠᠷ ᠤᠷᠤᠯᠳᠤᠭᠠᠨ ᠳᠤ ᠮᠣᠩᠭᠣᠯ ᠪᠦᠵᠢᠭᠴᠢᠨ ᠵᠠᠯᠠᠭᠤ ᠪ∙ᠡᠷᠳᠡᠨᠢᠪᠠᠶᠠᠷ ᠲᠡᠷᠢᠭᠦᠨ ᠪᠠᠶᠢᠷᠢ ᠡᠵᠡᠯᠡᠵᠡᠢ᠃ ᠲᠡᠷᠡ ᠮᠣᠩᠭᠣᠯ ᠤᠯᠤᠰ ᠤᠨ ᠦᠨᠳᠦᠰᠦᠨ ᠦ ᠤᠷᠠᠯᠢᠭ ᠤᠨ ᠶᠡᠬᠡ ᠲᠢᠶᠠᠲ᠋ᠷ ᠤᠨ ᠵᠠᠯᠠᠭᠤ ᠤᠷᠠᠨ ᠪᠦᠲᠦᠭᠡᠯᠴᠢ ᠪᠦᠭᠡᠳ ᠡᠲᠨᠢᠺ ᠪᠦᠵᠢᠭ ᠦᠨ ᠲᠥᠷᠥᠯ ᠳᠦ ᠦᠺᠷᠠᠶᠢᠨ ᠦᠨᠳᠦᠰᠦᠨ ᠦ ᠪᠦᠵᠢᠭ ᠢᠶᠡᠷ ᠣᠷᠣᠯᠴᠠᠵᠤ᠂ ᠨᠢᠭᠡᠳᠦᠭᠡᠷ ᠪᠠᠶᠢᠷᠢᠨ ᠳᠤ ᠣᠷᠣᠭᠰᠠᠨ ᠪᠠᠶᠢᠨ᠎ᠠ᠃
ᠪᠦᠵᠢᠭᠴᠢᠨ ᠪ∙ᠡᠷᠳᠡᠨᠢᠪᠠᠶᠠᠷ ᠤᠷᠤᠯᠳᠤᠭᠠᠨ ᠤ ᠲᠠᠯ᠎ᠠ ᠪᠠᠷ ᠶᠠᠷᠢᠬᠤ ᠳᠤ ᠪᠠᠨ᠄ ᠰᠸᠦ᠋ᠯ  ᠬᠤᠲᠠ ᠳᠤ ᠡᠨᠡ ᠰᠠᠷ᠎ᠠ ᠶᠢᠨ 19  - 26 ᠍ ᠤ ᠡᠳᠦᠷ ᠦᠳ ᠲᠦ ᠵᠣᠬᠢᠶᠠᠨ ᠪᠠᠶᠢᠭᠤᠯᠤᠭᠰᠠᠨ ᠣᠯᠠᠨ ᠤᠯᠤᠰ ᠤᠨ ᠭᠣᠴᠣᠯᠠᠯ ᠪᠦᠵᠢᠭᠴᠢᠳ ᠦᠨ ᠤᠷᠤᠯᠳᠤᠭᠠᠨ ᠳᠤ ᠨᠢᠭᠡᠳᠦᠭᠡᠷ ᠪᠠᠶᠢᠷᠢ ᠡᠵᠡᠯᠡᠯ᠎ᠡ᠃ ᠮᠢᠨᠦ ᠥᠷᠢᠰᠦᠯᠳᠦᠭᠰᠡᠨ ᠲᠥᠷᠥᠯ ᠳᠦ 200 ᠭᠠᠷᠤᠢ ᠪᠦᠵᠢᠭᠴᠢᠨ ᠪᠢᠴᠢᠯᠭᠡ ᠪᠡᠨ ᠢᠯᠡᠭᠡᠵᠦ᠂ ᠬᠠᠭᠠᠰ ᠹᠢᠨᠠᠯ ᠳᠤ 29 ᠪᠦᠵᠢᠭᠴᠢᠨ ᠰᠢᠯᠭᠠᠷᠠᠵᠤ ᠦᠯᠡᠳᠡᠭᠰᠡᠨ᠃ ᠲᠡᠳᠡᠨ ᠡᠴᠡ ᠰᠡᠭᠦᠯᠴᠢ ᠶᠢᠨ ᠹᠢᠨᠠᠯ ᠳᠤ ᠲᠠᠪᠤᠨ ᠪᠦᠵᠢᠭᠴᠢᠨ ᠰᠢᠯᠭᠠᠷᠠᠭᠰᠠᠨ ᠤ ᠨᠢᠭᠡ ᠨᠢ ᠪᠢ ᠪᠠᠶᠢᠭᠰᠠᠨ ᠶᠤᠮ᠃ ᠨᠠᠳᠠ ᠠᠴᠠ ᠪᠤᠰᠤᠳ ᠨᠢ БНСУ ᠍ ᠤᠨ ᠪᠦᠵᠢᠭᠴᠢᠳ ᠪᠠᠶᠢᠭᠰᠠᠨ᠃ ᠮᠢᠨᠦ ᠬᠤᠪᠢ ᠳᠤ ᠡᠨᠡ ᠵᠢᠯ ᠦᠨ ᠤᠷᠤᠯᠳᠤᠭᠠᠨ ᠳᠤ ᠮᠣᠩᠭᠣᠯ ᠠᠷᠠᠳ ᠤᠨ ᠪᠦᠵᠢᠭ ᠢᠶᠡᠷ ᠢᠶᠡᠨ ᠪᠤᠰᠤ ᠠᠷᠠᠢ ᠥᠭᠡᠷ᠎ᠡ ᠲᠥᠷᠥᠯ ᠢᠶᠡᠷ ᠣᠷᠣᠯᠴᠠᠬᠤ ᠶᠢ ᠬᠦᠰᠡᠵᠦ᠂ ᠦᠺᠷᠠᠶᠢᠨ ᠦᠨᠳᠦᠰᠦᠨ ᠦ ᠪᠦᠵᠢᠭ ᠢᠶᠡᠷ ᠣᠷᠣᠯᠴᠠᠭᠰᠠᠨ ᠨᠢ ᠬᠦᠮᠦᠰ ᠦᠨ ᠰᠣᠨᠢᠷᠬᠠᠯ ᠢ ᠶᠡᠬᠡ ᠪᠡᠷ ᠲᠠᠲᠠᠭᠰᠠᠨ᠃ ᠰᠡᠳᠬᠢᠭᠳᠡᠯ ᠮᠠᠰᠢ ᠥᠨᠳᠥᠷ ᠪᠠᠶᠢᠨ᠎ᠠ᠃ ᠮᠣᠩᠭᠣᠯ ᠠᠴᠠ ᠡᠮᠦᠨ᠎ᠡ ᠨᠢ ᠭᠤᠷᠪᠠᠨ ᠴᠤ ᠪᠦᠵᠢᠭᠴᠢᠨ ᠡᠨᠡ ᠣᠯᠠᠨ ᠤᠯᠤᠰ ᠤᠨ ᠳᠡᠭᠡᠳᠦ ᠵᠡᠷᠭᠡᠯᠡᠯ ᠦᠨ ᠲᠡᠮᠡᠴᠡᠭᠡᠨ ᠳᠦ ᠣᠷᠣᠵᠤ᠂ ᠠᠮᠵᠢᠯᠲᠠ ᠭᠠᠷᠭᠠᠵᠤ ᠪᠠᠶᠢᠭᠰᠠᠨ ᠭᠡᠵᠤ ᠬᠡᠯᠡᠭᠰᠡᠨ ᠶᠤᠮ᠃

ᠰᠡᠳᠬᠢᠭᠳᠡᠯ ᠦᠯᠡᠳᠡᠭᠡᠬᠦ