ᠮᠣᠩᠭᠣᠯ᠂ ᠢᠲ᠋ᠠᠯᠢ ᠶᠢᠨ ᠬᠤᠳᠠᠯᠳᠤᠭ᠎ᠠ 70 ᠭᠠᠷᠤᠢ ᠰᠠᠶ᠎ᠠ ᠳ᠋ᠣᠯᠯᠠᠷ ᠲᠤ ᠬᠦᠷᠴᠡᠢ | News.MN

ᠮᠣᠩᠭᠣᠯ᠂ ᠢᠲ᠋ᠠᠯᠢ ᠶᠢᠨ ᠬᠤᠳᠠᠯᠳᠤᠭ᠎ᠠ 70 ᠭᠠᠷᠤᠢ ᠰᠠᠶ᠎ᠠ ᠳ᠋ᠣᠯᠯᠠᠷ ᠲᠤ ᠬᠦᠷᠴᠡᠢ

ᠮᠣᠩᠭᠣᠯ᠂ ᠢᠲ᠋ᠠᠯᠢ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠢᠷᠡᠬᠦ 2020 ᠣᠨ ᠳᠤ ᠲᠣᠬᠢᠶᠠᠨ᠎ᠠ᠃ ᠢᠲ᠋ᠠᠯᠢ ᠤᠯᠤᠰ ᠬᠣᠶᠠᠷ ᠵᠢᠯ ᠦᠨ ᠡᠮᠦᠨᠡᠬᠢ ᠡᠨᠡ ᠡᠳᠦᠷ ᠤᠯᠠᠭᠠᠨᠪᠠᠭᠠᠲᠤᠷ ᠬᠤᠲᠠ ᠳᠤ ᠡᠯᠴᠢᠨ ᠰᠠᠶᠢᠳ ᠤᠨ ᠶᠠᠮᠤᠨ  ᠢᠶᠠᠨ ᠨᠡᠭᠡᠭᠡᠵᠦ ᠪᠠᠶᠢᠪᠠ᠃ ᠬᠠᠷᠢᠨ ᠮᠠᠨ ᠤ ᠤᠯᠤᠰ 2011 ᠣᠨ ᠤ 10 ᠳ᠋ᠤᠭᠠᠷ ᠰᠠᠷ᠎ᠠ ᠳᠤ ᠷᠤᠮᠠ ᠬᠤᠲᠠ ᠳᠤ ᠡᠯᠴᠢᠨ ᠰᠠᠶᠢᠳ ᠤᠨ ᠶᠠᠮᠤᠨ ᠨᠡᠭᠡᠭᠡᠨ ᠠᠵᠢᠯᠯᠠᠭᠤᠯᠵᠤ ᠡᠬᠢᠯᠡᠭᠰᠡᠨ ᠶᠤᠮ᠃ ᠥᠨᠥᠳᠥᠷ ᠦᠨ ᠪᠠᠶᠢᠳᠠᠯ ᠢᠶᠠᠷ ᠮᠠᠨ ᠤ ᠤᠯᠤᠰ ᠲᠤ ᠢᠲ᠋ᠠᠯᠢ ᠶᠢᠨ ᠬᠥᠷᠥᠩᠭᠡ ᠣᠷᠣᠭᠤᠯᠤᠯᠲᠠ ᠲᠠᠢ 54 ᠺᠣᠮᠫᠠᠨᠢ ᠠᠵᠢᠯᠯᠠᠵᠤ᠂ 36.8 ᠰᠠᠶ᠎ᠠ ᠳ᠋ᠣᠯᠯᠠᠷ ᠤᠨ ᠬᠥᠷᠥᠩᠭᠡ ᠣᠷᠣᠭᠤᠯᠤᠭᠠᠳ ᠪᠠᠶᠢᠨ᠎ᠠ᠃ ᠲᠤᠰ ᠤᠯᠤᠰ ᠠᠴᠠ ᠮᠠᠨ ᠤ ᠳᠤ ᠭᠣᠣᠯᠯᠠᠨ ᠬᠤᠳᠠᠯᠳᠤᠭ᠎ᠠ᠂ ᠨᠡᠶᠢᠲᠡ ᠶᠢᠨ ᠬᠣᠭᠣᠯᠠ᠂ ᠮᠠᠯ ᠤᠨ ᠭᠠᠷᠤᠯ ᠲᠠᠢ ᠲᠦᠭᠦᠬᠡᠢ ᠡᠳ᠋ ᠦᠨ ᠪᠣᠯᠪᠠᠰᠤᠷᠠᠭᠤᠯᠤᠯᠲᠠ᠂ ᠨᠡᠬᠡᠮᠡᠯ ᠦᠨ ᠰᠠᠯᠪᠤᠷᠢ ᠳᠤ ᠬᠥᠷᠥᠩᠭᠡ ᠣᠷᠣᠭᠤᠯᠤᠭᠠᠳ ᠪᠠᠶᠢᠨ᠎ᠠ᠃
ᠬᠣᠶᠠᠷ ᠤᠯᠤᠰ ᠤᠨ ᠬᠤᠳᠠᠯᠳᠤᠭᠠᠨ ᠤ ᠨᠡᠶᠢᠲᠡ ᠡᠷᠭᠢᠯᠲᠡ 70 ᠭᠠᠷᠤᠢ ᠰᠠᠶ᠎ᠠ ᠳ᠋ᠣᠯᠯᠠᠷ ᠪᠠᠶᠢᠭ᠎ᠠ ᠠᠴᠠ ᠡᠺᠰᠫᠣᠷᠲ 43.4 ᠰᠠᠶ᠎ᠠ᠂ ᠢᠮᠫᠣᠷᠲ 33.3 ᠰᠠᠶ᠎ᠠ ᠳ᠋ᠣᠯᠯᠠᠷ ᠲᠤ ᠬᠦᠷᠦᠭᠡᠳ ᠪᠠᠶᠢᠨ᠎ᠠ᠃ ᠢᠲ᠋ᠠᠯᠢ ᠤᠯᠤᠰ ᠮᠠᠨ ᠤ ᠤᠯᠤᠰ ᠲᠤ 1990 ᠣᠨ ᠠᠴᠠ ᠬᠣᠶᠢᠰᠢ 7.2 ᠰᠠᠶ᠎ᠠ ᠳ᠋ᠣᠯᠯᠠᠷ ᠤᠨ ᠪᠤᠴᠠᠯᠲᠠ ᠦᠭᠡᠢ ᠲᠤᠰᠠᠯᠠᠮᠵᠢ ᠦᠵᠡᠭᠦᠯᠦᠭᠰᠡᠨ ᠶᠤᠮ᠃ ᠢᠷᠭᠡᠳ ᠬᠣᠶᠠᠷ ᠤᠯᠤᠰ ᠤᠨ ᠬᠣᠭᠣᠷᠣᠨᠳᠣ 90 ᠬᠣᠨᠣᠭ ᠤᠨ ᠬᠠᠷᠢᠯᠴᠠᠨ ᠸᠢᠽ ᠦᠭᠡᠢ ᠵᠣᠷᠴᠢᠬᠤ ᠨᠥᠬᠥᠴᠡᠯ ᠲᠡᠢ ᠶᠤᠮ᠃ ᠥᠨᠥᠳᠥᠷ ᠮᠣᠩᠭᠣᠯ ᠢᠲ᠋ᠠᠯᠢ ᠶᠢᠨ ᠵᠠᠰᠠᠭ ᠤᠨ ᠭᠠᠵᠠᠷ ᠬᠣᠭᠣᠷᠣᠨᠳᠣ ᠶᠢᠨ ᠺᠣᠮᠢᠰ ᠤᠨ ᠳᠠᠷᠤᠭ᠎ᠠ ᠪᠠᠷ ᠢᠲ᠋ᠠᠯᠢ ᠶᠢᠨ ᠡᠳ᠋ ᠦᠨ ᠵᠠᠰᠠᠭ ᠤᠨ ᠬᠥᠭᠵᠢᠯ ᠦᠨ ᠰᠠᠶᠢᠳ ᠺ∙ᠺᠠᠯᠧᠨᠳᠠ ᠠᠵᠢᠯᠯᠠᠵᠤ ᠪᠠᠶᠢᠨ᠎ᠠ᠃ ᠤᠯᠤᠰ ᠤᠨ ᠶᠡᠬᠡ ᠬᠤᠷᠠᠯ ᠳ᠋ᠡᠬᠢ ᠮᠣᠩᠭᠣᠯ ᠢᠲ᠋ᠠᠯᠢ ᠶᠢᠨ ᠫᠠᠷᠯᠠᠮᠧᠨᠲ ᠤᠨ ᠪᠦᠯᠦᠭ ᠦᠨ ᠳᠠᠷᠤᠭ᠎ᠠ ᠪᠠᠷ ᠤᠯᠤᠰ ᠤᠨ ᠶᠡᠬᠡ ᠬᠤᠷᠠᠯ ᠤᠨ ᠭᠡᠰᠢᠭᠦᠨ ᠠ᠊∙ᠤᠨᠳᠤᠷᠠ ᠠᠵᠢᠯᠯᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ