100 ᠰᠠᠶ᠎ᠠ ᠳ᠋ᠣᠯᠯᠠᠷ ᠤᠨ ᠰᠠᠩᠬᠦᠦᠵᠢᠯᠲᠡ ᠶᠢ ᠪᠠᠲᠤᠯᠠᠯ᠎ᠠ  | News.MN

100 ᠰᠠᠶ᠎ᠠ ᠳ᠋ᠣᠯᠯᠠᠷ ᠤᠨ ᠰᠠᠩᠬᠦᠦᠵᠢᠯᠲᠡ ᠶᠢ ᠪᠠᠲᠤᠯᠠᠯ᠎ᠠ 

ᠳᠡᠯᠡᠬᠡᠢ ᠶᠢᠨ ᠪᠠᠩᠬᠢᠨ ᠠᠴᠠ ᠮᠣᠩᠭᠣᠯ ᠤᠯᠤᠰ ᠤᠨ ᠪᠣᠳᠣᠯᠭ᠎ᠠ ᠶᠢᠨ ᠰᠢᠨᠡᠴᠢᠯᠡᠯ ᠢ ᠦᠷᠭᠦᠯᠵᠢᠯᠡᠭᠦᠯᠦᠨ ᠳᠡᠮᠵᠢᠵᠦ᠂ 100 ᠰᠠᠶ᠎ᠠ ᠳ᠋ᠣᠯᠯᠠᠷ ᠤᠨ ᠰᠠᠩᠬᠦᠦᠵᠢᠯᠲᠡ ᠶᠢ ᠪᠠᠲᠤᠯᠠᠭᠰᠠᠨ ᠪᠠᠶᠢᠨ᠎ᠠ᠃ ᠡᠨᠡ ᠲᠤᠬᠠᠢ ᠳᠡᠯᠡᠬᠡᠢ ᠶᠢᠨ ᠪᠠᠩᠬᠢᠨ ᠠᠴᠠ ᠢᠷᠡᠭᠦᠯᠦᠭᠰᠡᠨ ᠬᠡᠪᠯᠡᠯ ᠦᠨ ᠮᠡᠳᠡᠭᠡ  ᠳᠤ ᠂ 2019 ᠣᠨ ᠤ 7ᠳ᠋ᠤᠭᠠᠷ ᠰᠠᠷ᠎ᠠ ᠶᠢᠨ 30 ᠳᠤ ᠳᠡᠯᠡᠬᠡᠢ ᠶᠢᠨ ᠪᠠᠩᠬᠢᠨ ᠤ ᠭᠦᠢᠴᠡᠳᠭᠡᠬᠦ ᠵᠠᠬᠢᠷᠤᠯ ᠤᠳ ᠤᠨ ᠵᠥᠪᠯᠡᠯ ᠮᠣᠩᠭᠣᠯ ᠤᠯᠤᠰ ᠡᠳ᠋ ᠦᠨ ᠵᠠᠰᠠᠭ ᠢᠶᠠᠨ ᠤᠯᠠᠮ ᠲᠣᠭᠲᠠᠪᠤᠷᠢᠵᠢᠭᠤᠯᠵᠤ᠂ ᠴᠢᠨᠠᠭᠰᠢᠳᠠ ᠢᠯᠡᠭᠦᠦ ᠲᠣᠭᠲᠠᠪᠤᠷᠢᠲᠠᠢ ᠪᠥᠭᠡᠳ ᠬᠦᠷᠲᠡᠭᠡᠮᠵᠢᠲᠡᠢ ᠬᠦᠭᠵᠢᠯ ᠳᠦ ᠬᠦᠷᠬᠦ ᠳᠦ ᠨᠢ ᠳᠡᠮᠵᠢᠯᠭᠡ ᠦᠵᠡᠭᠦᠯᠬᠦ ᠵᠣᠷᠢᠯᠭ᠎ᠠ ᠪᠠᠷ ᠬᠤᠶᠠᠳᠠᠬᠢ ᠤᠳᠠᠭ᠎ᠠ ᠶᠢᠨ ᠰᠠᠩᠬᠦᠦᠵᠢᠯᠲᠡ ᠪᠣᠯᠬᠤ 100 ᠰᠠᠶ᠎ᠠ ᠳ᠋ᠣᠯᠯᠠᠷ ᠢ ᠪᠠᠲᠤᠯᠠᠪᠠ᠃
ᠮᠣᠩᠭᠣᠯ ᠤᠯᠤᠰ ᠤᠨ ᠡᠳ᠋ ᠦᠨ ᠵᠠᠰᠠᠭ 2016 ᠤᠨ ᠤ ᠮᠠᠺᠷᠤ᠋ ᠡᠳ᠋ ᠦᠨ ᠵᠠᠰᠠᠭ ᠤᠨ ᠬᠦᠨᠳᠦᠷᠡᠯ ᠡᠴᠡ ᠠᠮᠵᠢᠯᠲᠠ ᠲᠠᠢ ᠭᠠᠷᠴᠤ ᠴᠢᠳᠠᠭᠰᠠᠨ ᠴᠤ ᠰᠠᠭᠤᠷᠢ ᠡᠮᠵᠡᠭ ᠠᠰᠠᠭᠤᠳᠠᠯ ᠤᠳ ᠬᠡᠪ ᠢᠶᠡᠷ ᠪᠠᠶᠢᠭᠰᠠᠭᠠᠷ ᠪᠠᠶᠢᠨ᠎ᠠ᠃
ᠡᠳ᠋ ᠍ ᠦᠨ ᠵᠠᠰᠠᠭ ᠤᠨ ᠥᠰᠦᠯᠲᠡ 2016 ᠣᠨ ᠳᠤ 1.2 ᠬᠤᠪᠢ ᠪᠠᠶᠢᠭᠰᠠᠨ ᠪᠣᠯ 2018 ᠣᠨ ᠳᠤ 6.9 ᠬᠤᠪᠢ ᠪᠣᠯᠵᠤ ᠥᠰᠦᠭᠰᠡᠨ᠃ ᠲᠥᠰᠥᠪ ᠦᠨ ᠨᠥᠬᠥᠴᠡᠯ ᠪᠠᠶᠢᠳᠠᠯ ᠳᠣᠷᠪᠢᠲᠠᠢ ᠰᠠᠶᠢᠵᠢᠷᠠᠵᠤ᠂ ᠲᠥᠰᠥᠪ ᠦᠨ ᠠᠯᠳᠠᠭᠳᠠᠯ 2016 ᠣᠨ ᠳᠤ ᠳᠤᠲᠤᠭᠠᠳᠤ ᠶᠢᠨ ᠨᠡᠶᠢᠲᠡ ᠪᠦᠲᠦᠭᠡᠭᠳᠡᠬᠦᠨ  ᠦ 16.4 ᠬᠤᠪᠢ ᠲᠠᠢ ᠲᠡᠩᠴᠡᠵᠦ ᠪᠠᠶᠢᠭᠰᠠᠨ ᠪᠣᠯ 2018 ᠣᠨ ᠳᠤ 2.7 ᠬᠤᠪᠢ ᠲᠠᠢ ᠲᠡᠩᠴᠡᠬᠦ ᠠᠰᠢᠭᠲᠠᠢ ᠭᠠᠷᠤᠭᠰᠠᠨ᠃

ᠡᠨᠡᠬᠦ ᠬᠥᠲᠥᠯᠪᠦᠷᠢ ᠶᠢᠨ ᠬᠦᠷᠢᠶᠡᠨ ᠳᠦ ᠳᠡᠮᠵᠢᠵᠦ ᠪᠠᠶᠢᠭ᠎ᠠ ᠭᠣᠣᠯ ᠪᠣᠳᠣᠯᠭ᠎ᠠ ᠶᠢᠨ ᠰᠢᠨᠡᠴᠢᠯᠡᠯ ᠨᠢ ᠮᠣᠩᠭᠣᠯ ᠤᠯᠤᠰ ᠤᠨ ᠡᠳ᠋  ᠦᠨ ᠵᠠᠰᠠᠭ ᠤᠨ ᠲᠣᠭᠲᠠᠪᠤᠷᠢᠲᠠᠢ ᠥᠰᠦᠯᠲᠡ ᠶᠢ ᠪᠤᠢ ᠪᠣᠯᠭᠠᠬᠤ᠂ ᠤᠯᠤᠰ ᠤᠨ ᠲᠥᠰᠥᠪ ᠰᠠᠩᠬᠦᠦ ᠶᠢ ᠤᠯᠠᠮ ᠪᠡᠬᠢᠵᠢᠭᠦᠯᠬᠦ᠂ ᠥᠷᠢᠰᠥᠯᠳᠥᠬᠦ ᠴᠢᠳᠠᠪᠤᠷᠢ ᠶᠢ ᠰᠠᠶᠢᠵᠢᠷᠠᠭᠤᠯᠬᠤ ᠴᠢᠬᠤᠯᠠ ᠡᠭᠦᠷᠭᠡ ᠲᠡᠢ᠃ ᠵᠠᠰᠠᠭ ᠤᠨ ᠭᠠᠵᠠᠷ ᠠᠴᠠ ᠳᠡᠭᠡᠷᠡᠬᠢ ᠠᠰᠠᠭᠤᠳᠠᠯ ᠤᠳ ᠢ ᠰᠢᠢᠳᠬᠦ ᠪᠡᠷ ᠠᠵᠢᠯᠯᠠᠵᠤ ᠪᠠᠶᠢᠭ᠎ᠠ ᠨᠢ ᠲᠡᠳᠡᠨ ᠦ ᠡᠳ᠋  ᠦᠨ ᠵᠠᠰᠠᠭ ᠲᠤ ᠪᠦᠲᠦᠴᠡ ᠶᠢᠨ ᠰᠢᠨᠵᠢ ᠲᠡᠢ ᠥᠭᠡᠷᠡᠴᠢᠯᠡᠯᠲᠡ ᠨᠦᠭᠦᠳ ᠢ ᠦᠷᠭᠦᠯᠵᠢᠯᠡᠭᠦᠯᠦᠨ ᠲᠤᠤᠱᠲᠠᠢ ᠬᠢᠬᠦ ᠪᠣᠳᠣᠯᠭ᠎ᠠ ᠪᠠᠷᠢᠮᠲᠠᠯᠠᠵᠤ ᠪᠠᠶᠢᠭ᠎ᠠ ᠶᠢᠨ ᠲᠣᠳᠣ ᠢᠯᠡᠷᠡᠯ ᠶᠤᠮ᠃ ᠳᠡᠯᠡᠬᠡᠢ ᠶᠢᠨ ᠪᠠᠩᠬᠢ ᠴᠢᠨᠠᠭᠰᠢᠳᠠ ᠵᠠᠰᠠᠭ ᠤᠨ ᠭᠠᠵᠠᠷ ᠪᠣᠯᠤᠨ ᠣᠯᠠᠨ ᠤᠯᠤᠰ ᠤᠨ ᠬᠥᠭᠵᠢᠯ ᠦᠨ ᠲᠦᠩᠰᠢ ᠨᠦᠭᠦᠳ ᠲᠡᠢ ᠬᠠᠮᠲᠤᠷᠠᠨ ᠮᠣᠩᠭᠣᠯ ᠤᠯᠤᠰ ᠤᠨ ᠡᠳ᠋ ᠦᠨ ᠵᠠᠰᠠᠭ ᠢ ᠰᠡᠷᠭᠦᠭᠡᠬᠦ ᠬᠥᠲᠥᠯᠪᠦᠷᠢ ᠶᠢ ᠦᠷᠭᠦᠯᠵᠢᠯᠡᠭᠦᠯᠦᠨ ᠳᠡᠮᠵᠢᠨ ᠠᠵᠢᠯᠯᠠᠬᠤ ᠪᠣᠯᠤᠨ᠎ᠠ ᠭᠡᠵᠦ ᠬᠢᠲᠠᠳ᠂ ᠮᠣᠩᠭᠣᠯ᠂ ᠰᠣᠯᠣᠩᠭᠣᠰ ᠤᠯᠤᠰ ᠢ ᠬᠠᠷᠢᠭᠤᠴᠠᠭᠰᠠᠨ ᠳᠡᠯᠡᠬᠡᠢ ᠶᠢᠨ ᠪᠠᠩᠬᠢᠨ ᠤ ᠵᠠᠬᠢᠷᠤᠯ ᠮᠠᠷᠲ᠋ᠢᠨ ᠷᠠᠢᠵᠡᠷ ᠣᠨᠴᠠᠯᠠᠯ᠎ᠠ᠃

ᠰᠡᠳᠬᠢᠭᠳᠡᠯ ᠦᠯᠡᠳᠡᠭᠡᠬᠦ