700 ᠠᠶᠢᠯ ᠤᠨ ᠣᠷᠣᠨ ᠰᠠᠭᠤᠴᠠ ᠪᠠᠷᠢᠨ᠎ᠠ  | News.MN

700 ᠠᠶᠢᠯ ᠤᠨ ᠣᠷᠣᠨ ᠰᠠᠭᠤᠴᠠ ᠪᠠᠷᠢᠨ᠎ᠠ 

ᠨᠡᠶᠢᠰᠯᠡᠯ ᠦᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠣᠲᠠ ᠶᠢᠨ ᠵᠠᠬᠢᠷᠤᠭᠴᠢ ᠰ∙ᠠᠮᠤᠷᠰᠠᠶᠢᠬᠠᠨ ᠨᠡᠶᠢᠲᠡ ᠶᠢᠨ ᠲᠡᠭᠡᠭᠡᠪᠦᠷᠢ ᠶᠢᠨ ᠫᠠᠷᠺ ᠰᠢᠨᠡᠳᠭᠡᠬᠦ ᠲᠥᠰᠥᠯ ᠪᠣᠯᠤᠨ ᠣᠷᠣᠯᠭ᠎ᠠ ᠳᠤ ᠨᠡᠶᠢᠴᠡᠭᠰᠡᠨ ᠣᠷᠣᠨ ᠰᠠᠭᠤᠴᠠ ᠪᠠᠷᠢᠬᠤ ᠠᠰᠠᠭᠤᠳᠠᠯ ᠢᠶᠠᠷ ᠥᠴᠥᠭᠡᠳᠦᠷ ᠧᠦ᠋ᠷᠣᠫᠠ ᠶᠢᠨ ᠰᠡᠷᠭᠦᠭᠡᠨ ᠪᠣᠰᠬᠠᠯᠲᠠ ᠬᠥᠭᠵᠢᠯ ᠦᠨ ᠪᠠᠩᠬᠢᠨ ᠤ ᠰᠠᠭᠤᠷᠢᠨ ᠲᠥᠯᠥᠭᠡᠯᠡᠭᠴᠢ ᠢᠷᠢᠨ᠎ᠠ ᠺᠷᠠᠪᠴᠧᠩᠺᠣ ᠲᠠᠢ ᠠᠭᠤᠯᠵᠠᠯ᠎ᠠ᠃
ᠨᠡᠶᠢᠰᠯᠡᠯ ᠦᠨ ᠨᠡᠶᠢᠲᠡ ᠶᠢᠨ ᠲᠡᠭᠡᠭᠡᠪᠦᠷᠢ ᠶᠢᠨ ᠫᠠᠷᠺ ᠰᠢᠨᠡᠴᠢᠯᠡᠯ ᠲᠥᠰᠥᠯ ᠳᠦ ᠧᠦ᠋ᠷᠣᠫᠠ ᠶᠢᠨ ᠰᠡᠷᠭᠦᠭᠡᠨ ᠪᠣᠰᠬᠠᠯᠲᠠ ᠬᠥᠭᠵᠢᠯ ᠦᠨ ᠪᠠᠩᠬᠢ ᠨᠢ 40 ᠬᠦᠷᠲᠡᠯᠡᠬᠢ ᠰᠠᠶ᠎ᠠ ᠳ᠋ᠣᠯᠯᠠᠷ ᠤᠨ ᠰᠠᠩᠬᠦᠦᠵᠢᠯᠲᠡ ᠬᠢᠬᠦ ᠪᠣᠯᠤᠮᠵᠢ ᠲᠠᠢ ᠪᠥᠭᠡᠳ ᠡᠭᠦᠨ ᠦ 28 ᠰᠠᠶ᠎ᠠ ᠳ᠋ᠣᠯᠯᠠᠷ ᠨᠢ ᠬᠦᠩᠭᠡᠯᠡᠯᠲᠡ ᠲᠡᠢ ᠵᠢᠭᠡᠯᠡ᠂ 12 ᠰᠠᠶ᠎ᠠ ᠳ᠋ᠣᠯᠯᠠᠷ ᠨᠢ ᠪᠤᠴᠠᠯᠲᠠ ᠦᠭᠡᠢ ᠲᠤᠰᠠᠯᠠᠮᠵᠢ ᠪᠠᠶᠢᠬᠤ ᠠᠵᠠᠢ᠃ ᠡᠬᠢᠨ ᠦ ᠡᠭᠡᠯᠵᠢᠨ ᠳᠦ 100 ᠠᠦ᠋ᠲ᠋ᠣᠪᠦ᠋ᠰ ᠰᠢᠨ᠎ᠡ ᠪᠡᠷ ᠠᠪᠬᠤ ᠪᠥᠭᠡᠳ ᠲᠡᠳᠡᠭᠡᠷ ᠦᠨ ᠲᠣᠳᠣᠷᠬᠠᠢ ᠬᠡᠰᠡᠭ ᠢ ᠰᠤᠷᠭᠠᠭᠤᠯᠢ ᠶᠢᠨ ᠠᠦ᠋ᠲ᠋ᠣᠪᠦ᠋ᠰ ᠪᠣᠯᠭᠠᠬᠤ ᠲᠠᠯ᠎ᠠ ᠪᠠᠷ ᠬᠣᠲᠠ ᠶᠢᠨ ᠵᠠᠬᠢᠷᠤᠭᠴᠢ ᠰᠠᠨᠠᠯ ᠪᠣᠯᠭᠠᠯ᠎ᠠ᠃ ᠲᠡᠭᠦᠨᠴᠢᠯᠡᠨ ᠣᠳᠣ ᠠᠰᠢᠭᠯᠠᠵᠤ ᠪᠠᠶᠢᠭ᠎ᠠ ᠨᠡᠶᠢᠲᠡ ᠶᠢᠨ ᠲᠡᠭᠡᠭᠡᠪᠦᠷᠢ ᠶᠢᠨ ᠬᠡᠷᠡᠭᠰᠡᠯ ᠦᠨ ᠡᠩᠨᠡᠭᠡ᠂ ᠲᠡᠮᠦᠷ ᠵᠠᠮ ᠤᠨ ᠳ᠋ᠸᠫᠤ ᠶᠢᠨ ᠲᠣᠨᠣᠭ ᠲᠥᠬᠥᠭᠡᠷᠦᠮᠵᠢ ᠨᠡᠶᠢᠯᠡᠭᠦᠯᠬᠦ᠂ ᠮᠥᠨ ᠡᠳᠡᠭᠡᠷ ᠲᠥᠰᠥᠯ ᠦᠨ ᠪᠡᠯᠡᠳᠬᠡᠯ᠂ ᠬᠡᠷᠡᠭᠵᠢᠯᠲᠡ ᠶᠢᠨ ᠲᠧᠭᠨᠢᠭ ᠦᠨ ᠲᠤᠰᠠᠯᠠᠯᠴᠠᠭ᠎ᠠ ᠶᠢ ᠰᠠᠩᠬᠦᠦᠵᠢᠭᠦᠯᠬᠦ ᠶᠤᠮ ᠪᠠᠶᠢᠨ᠎ᠠ᠃
ᠤᠷᠤᠯᠭ᠎ᠠ ᠳᠤ ᠨᠡᠶᠢᠴᠡᠭᠰᠡᠨ ᠣᠷᠣᠨ ᠰᠠᠭᠤᠴᠠ ᠪᠠᠷᠢᠬᠤ ᠲᠥᠰᠥᠯ ᠦᠨ ᠬᠦᠷᠢᠶᠡᠨ ᠳᠦ ᠧᠦ᠋ᠷᠣᠫᠠ ᠶᠢᠨ ᠰᠡᠷᠭᠦᠭᠡᠨ ᠪᠣᠰᠬᠠᠯᠲᠠ ᠬᠥᠭᠵᠢᠯ ᠦᠨ ᠪᠠᠩᠬᠢᠨ ᠤ 25 ᠰᠠᠶ᠎ᠠ ᠳ᠋ᠣᠯᠯᠠᠷ ᠤᠨ ᠰᠠᠩᠬᠦᠦᠵᠢᠯᠲᠡ ᠪᠡᠷ 700 ᠠᠶᠢᠯ ᠤᠨ ᠣᠷᠣᠨ ᠰᠠᠭᠤᠴᠠ ᠪᠠᠷᠢᠬᠤ ᠠᠵᠢᠯ ᠢ  ᠶᠠᠭᠠᠷᠠᠯᠲᠠᠢ ᠡᠬᠢᠯᠡᠭᠦᠯᠬᠦ ᠪᠡᠷ ᠪᠣᠯᠤᠯ᠎ᠠ᠃ ᠤᠷᠤᠨ ᠰᠠᠭᠤᠴᠠᠨ ᠤ  ᠪᠠᠶᠢᠷᠢᠰᠢᠯ  ᠢ ᠬᠣᠶᠠᠷ ᠲᠠᠯ᠎ᠠ ᠰᠠᠨᠠᠯ ᠰᠤᠯᠢᠯᠴᠠᠭᠠᠳ ᠂ ᠬᠠᠨ᠎ᠠ ᠶᠢᠨ ᠮᠠᠲ᠋ᠧᠷᠢᠶᠠᠯ ᠣᠷᠴᠢᠮ ᠳᠤ ᠪᠠᠶᠢᠬᠤ ᠨᠢ ᠢᠯᠡᠭᠦᠦ ᠲᠣᠬᠢᠷᠠᠮᠵᠢᠲᠠᠢ ᠬᠡᠮᠡᠨ ᠰᠠᠨᠠᠯ ᠨᠢᠭᠡᠳᠦᠯ᠎ᠡ᠃

ᠰᠡᠳᠬᠢᠭᠳᠡᠯ ᠦᠯᠡᠳᠡᠭᠡᠬᠦ