︽ ᠪᠤᠭᠳᠠ ᠬᠠᠨ ᠠᠭᠤᠯᠠ ᠶᠢᠨ ᠲᠷᠧᠢᠯ 2019︾ ᠶᠢ ᠵᠣᠬᠢᠶᠠᠨ ᠪᠠᠶᠢᠭᠤᠯᠤᠯ᠎ᠠ  | News.MN

 ︽ ᠪᠤᠭᠳᠠ ᠬᠠᠨ ᠠᠭᠤᠯᠠ ᠶᠢᠨ ᠲᠷᠧᠢᠯ 2019︾ ᠶᠢ ᠵᠣᠬᠢᠶᠠᠨ ᠪᠠᠶᠢᠭᠤᠯᠤᠯ᠎ᠠ 

ᠲᠤᠰᠬᠠᠢ ᠰᠣᠨᠢᠷᠬᠠᠯ ᠤᠨ ᠠᠶᠠᠯᠠᠯ ᠵᠢᠭᠤᠯᠴᠢᠯᠠᠯ ᠢ ᠬᠥᠭᠵᠢᠭᠦᠯᠬᠦ᠂ ᠵᠢᠭᠤᠯᠴᠢᠳ ᠤᠨ ᠰᠣᠨᠢᠷᠬᠠᠯ ᠢ ᠲᠠᠲᠠᠬᠤ ᠠᠷᠭ᠎ᠠ ᠬᠡᠮᠵᠢᠶᠡᠨ ᠦ ᠲᠣᠭ᠎ᠠ ᠶᠢ ᠨᠡᠮᠡᠭᠳᠡᠭᠦᠯᠬᠦ ᠵᠣᠷᠢᠯᠭ᠎ᠠ ᠪᠠᠷ ᠡᠨᠡ ᠰᠠᠷ᠎ᠠ ᠶᠢᠨ 28 ᠍ ᠤ ᠡᠳᠦᠷ  ᠪᠤᠭᠳᠠ  ᠬᠠᠨ ᠠᠭᠤᠯᠠᠨ ᠳᠤ ︽ᠪᠤᠭᠳᠠ ᠬᠠᠨ ᠠᠭᠤᠯᠠ ᠶᠢᠨ ᠲᠷᠧᠢᠯ 2019︾  ᠣᠯᠠᠨ ᠤᠯᠤᠰ ᠤᠨ ᠭᠦᠶᠦᠯᠲᠡ ᠶᠢᠨ ᠲᠡᠮᠡᠴᠡᠭᠡᠨ ᠢ ᠨᠡᠶᠢᠰᠯᠡᠯ ᠦᠨ ᠠᠶᠠᠯᠠᠯ ᠵᠢᠭᠤᠯᠴᠢᠯᠠᠯ ᠤᠨ ᠭᠠᠵᠠᠷ᠂ ᠶᠠᠫᠣᠨ ᠤ ︽ᠱᠶᠤᠸ᠎ᠠ ᠬᠤᠯᠯᠢᠳᠢᠨ︾ ᠭᠷᠦᠶᠢᠫ ᠦᠨ ᠮᠣᠩᠭᠣᠯ ᠳ᠋ᠡᠬᠢ ᠠᠯᠪᠠᠨ ᠶᠣᠰᠣᠨ ᠤ ᠲᠥᠯᠥᠭᠡᠯᠡᠭᠴᠢ ᠶᠢᠨ ᠭᠠᠵᠠᠷ ᠲᠠᠢ ᠬᠠᠮᠲᠤᠷᠠᠨ 64᠂ 21᠂ 10 ᠺᠢᠯᠣᠮᠧᠲ᠋ᠷ ᠦᠨ ᠵᠠᠢ ᠳᠤ ᠵᠣᠬᠢᠶᠠᠨ ᠪᠠᠶᠢᠭᠤᠯᠤᠯ᠎ᠠ᠃
ᠲᠤᠰ ᠲᠡᠮᠡᠴᠡᠭᠡᠨ ᠳᠦ ᠠᠮᠵᠢᠯᠲᠠᠲᠠᠢ ᠣᠷᠣᠯᠴᠠᠭᠰᠠᠨ ᠣᠯᠠᠨ ᠤᠯᠤᠰ ᠤᠨ ITRA ᠬᠤᠯᠪᠤᠭ᠎ᠠ ᠪᠣᠯᠤᠨ  ︽ᠠᠽᠢᠶ᠎ᠠ ᠶᠢᠨ ᠲᠷᠧᠢᠯ ᠮᠠᠰᠲ᠋ᠸᠷ︾ ᠬᠤᠯᠪᠤᠭ᠎ᠠ ᠨᠤᠭᠤᠳ ᠤᠨ ᠭᠡᠰᠢᠭᠦᠨ ᠲᠠᠮᠢᠷᠴᠢᠳ ᠳᠡᠯᠡᠬᠡᠢ ᠶᠢᠨ ᠬᠠᠮᠤᠭ ᠤᠨ ᠲᠣᠮᠣ Ultra trail Mont blank ᠍ ᠳᠦ ᠤᠷᠤᠯᠴᠠᠬᠤ ᠡᠷᠬᠡ ᠶᠢᠨ ᠲᠥᠯᠥᠭᠡ ᠦᠷᠢᠰᠦᠯᠳᠦᠬᠦ ᠡᠷᠬᠡ ᠲᠡᠢ ᠪᠣᠯᠬᠤ ᠶᠤᠮ᠃  ᠡᠨᠡ ᠤᠳᠠᠭ᠎ᠠ ᠶᠢᠨ ᠲᠡᠮᠡᠴᠡᠭᠡᠨ ᠨᠢ ᠬᠥᠰᠢᠭᠲᠦ ᠶᠢᠨ ᠬᠥᠨᠳᠡᠢ ᠡᠴᠡ ᠮᠠᠨᠽᠤᠰᠢᠷᠢ ᠶᠢᠨ ᠬᠡᠶᠢᠳ᠂ ᠴᠡᠴᠡ ᠭᠦᠩ ᠂ ᠵᠠᠶᠢᠰᠠᠩ ᠲᠣᠯᠣᠭᠠᠢ ᠴᠢᠭᠯᠡᠯ ᠳᠦ ᠵᠣᠬᠢᠶᠠᠨ ᠪᠠᠶᠢᠭᠤᠯᠤᠭᠳᠠᠭᠰᠠᠨ ᠪᠥᠭᠡᠳ ᠭᠠᠳᠠᠭᠠᠳᠤ ᠶᠢᠨ 10 ᠭᠠᠷᠤᠢ ᠣᠷᠣᠨ ᠤ 70 ᠭᠠᠷᠤᠢ᠂ ᠳᠣᠲᠣᠭᠠᠳᠤ ᠶᠢᠨ 80 ᠭᠠᠷᠤᠢ ᠲᠠᠮᠢᠷᠴᠢᠳ ᠤᠷᠤᠯᠴᠠᠪᠠ᠃

ᠰᠡᠳᠬᠢᠭᠳᠡᠯ ᠦᠯᠡᠳᠡᠭᠡᠬᠦ