ᠰᠤᠶᠤᠯ ᠤᠨ ᠥᠪ ᠢ ᠥᠪᠯᠡᠨ ᠤᠯᠠᠮᠵᠢᠯᠠᠭᠴᠢᠳ ᠢ ᠰᠤᠷᠲᠠᠯᠴᠢᠯᠠᠨ᠎ᠠ  | News.MN

ᠰᠤᠶᠤᠯ ᠤᠨ ᠥᠪ ᠢ ᠥᠪᠯᠡᠨ ᠤᠯᠠᠮᠵᠢᠯᠠᠭᠴᠢᠳ ᠢ ᠰᠤᠷᠲᠠᠯᠴᠢᠯᠠᠨ᠎ᠠ 

ᠵᠠᠪᠬᠠᠨ ᠳᠤ 460 ᠰᠤᠶᠤᠯ ᠤᠨ ᠪᠡᠶᠡᠲᠦ ᠪᠤᠰᠤ ᠥᠪ ᠢ ᠥᠪᠯᠡᠨ ᠤᠯᠠᠮᠵᠢᠯᠠᠭᠴᠢ ᠪᠤᠢ ᠭᠡᠰᠡᠨ ᠰᠤᠳᠤᠯᠭ᠎ᠠ ᠪᠠᠶᠢᠨ᠎ᠠ᠃ ᠰᠤᠶᠤᠯ ᠤᠨ ᠪᠡᠶᠡᠲᠦ ᠪᠤᠰᠤ ᠥᠪ ᠢ ᠥᠪᠯᠡᠨ ᠤᠯᠠᠮᠵᠢᠯᠠᠭᠴᠢᠳ ᠨᠢ ᠨᠠᠰᠤᠨ ᠤ ᠬᠤᠪᠢ ᠳᠤ 20-85 ᠨᠠᠰᠤᠨ ᠤ ᠬᠢᠨ᠃  ᠲᠠᠯ᠎ᠠ ᠠᠴᠠ ᠢᠯᠡᠭᠦᠦ ᠬᠤᠪᠢ ᠨᠢ 60-80 ᠨᠠᠰᠤᠨ ᠤ ᠬᠦᠮᠦᠰ ᠪᠠᠶᠢᠭ᠎ᠠ ᠨᠢ ᠰᠤᠶᠤᠯ ᠤᠨ ᠪᠡᠶᠡᠲᠦ ᠪᠤᠰᠤ ᠥᠪ ᠢ ᠬᠣᠶᠢᠴᠢ ᠦᠶ᠎ᠡ ᠳᠦ ᠪᠡᠨ ᠥᠪᠯᠡᠨ ᠤᠯᠠᠮᠵᠢᠯᠠᠬᠤ ᠠᠵᠢᠯ ᠣᠷᠬᠢᠭᠳᠠᠭᠰᠠᠨ ᠢ ᠬᠠᠷᠠᠭᠤᠯᠵᠤ ᠪᠤᠢ᠃ ᠰᠤᠶᠤᠯ ᠤᠨ ᠪᠡᠶᠡᠲᠦ ᠪᠤᠰᠤ ᠥᠪ ᠢ ᠥᠪᠯᠡᠨ ᠤᠯᠠᠮᠵᠢᠯᠠᠭᠴᠢᠳ ᠤᠨ ᠳᠡᠯᠭᠡᠷᠡᠩᠭᠦᠢ ᠰᠤᠳᠤᠯᠭ᠎ᠠ 2014 ᠣᠨ ᠠᠴᠠ ᠬᠣᠶᠢᠰᠢ ᠪᠦᠷᠢᠨ ᠰᠢᠨᠡᠴᠢᠯᠡᠭᠳᠡᠭᠡ ᠦᠭᠡᠢ ᠡᠴᠡ ᠭᠠᠳᠠᠨ᠎ᠠ ᠤᠯᠢᠶᠠᠰᠤᠲᠠᠢ ᠰᠤᠮᠤ ᠶᠢᠨ ᠢᠷᠭᠡᠳ ᠢ ᠰᠤᠶᠤᠯ ᠤᠨ ᠪᠡᠶᠡᠲᠦ ᠪᠤᠰᠤ ᠥᠪ ᠲᠡᠭᠡᠭᠡᠭᠴᠢᠳ ᠦᠨ ᠨᠢᠭᠡᠳᠦᠭᠰᠡᠨ ᠰᠤᠳᠤᠯᠭᠠᠨ ᠳᠤ ᠪᠦᠷᠢᠨ ᠬᠠᠮᠤᠷᠤᠭᠤᠯᠤᠭ᠎ᠠ ᠦᠭᠡᠢ᠂ ᠪᠦᠷᠢᠳᠬᠡᠯ ᠢ ᠴᠠᠬᠢᠮ ᠬᠡᠯᠪᠡᠷᠢ ᠳᠦ ᠰᠢᠯᠵᠢᠭᠦᠯᠬᠦ ᠠᠵᠢᠯ ᠢ ᠴᠤ ᠡᠬᠢᠯᠡᠭᠡ ᠦᠭᠡᠢ ᠪᠠᠶᠢᠨ᠎ᠠ᠃
ᠰᠤᠶᠤᠯ ᠤᠨ ᠪᠡᠶᠡᠲᠦ ᠪᠤᠰᠤ ᠥᠪ ᠢ ᠤᠷ᠎ᠠ ᠴᠢᠳᠠᠪᠤᠷᠢ ᠶᠢᠨ ᠬᠤᠪᠢ ᠳᠤ ᠥᠨᠳᠥᠷ ᠲᠦᠪᠰᠢᠨ ᠳᠦ ᠥᠪᠯᠡᠭᠰᠡᠨ ᠪᠢᠯᠢᠭ ᠠᠪᠢᠶᠠᠰᠲᠠᠨ ᠨᠠᠷ ᠢ ᠠᠩᠭᠢᠯᠠᠨ ᠨᠢᠭᠡᠳᠦᠭᠰᠡᠨ ᠪᠦᠷᠢᠳᠬᠡᠯ ᠳᠦ ᠤᠷᠤᠭᠤᠯᠬᠤ ᠠᠵᠢᠯ ᠢ ᠡᠬᠢᠯᠡᠵᠦ ᠪᠠᠶᠢᠭ᠎ᠠ᠃ ᠰᠤᠮᠤᠳ ᠤᠨ ᠮᠦᠽᠧᠢ ᠲᠧᠭᠨᠢᠭ ᠦᠨ ᠠᠵᠢᠯᠲᠠᠳ ᠲᠤ ᠡᠨᠡ ᠲᠠᠯ᠎ᠠ ᠪᠠᠷ ᠮᠡᠷᠭᠡᠵᠢᠯ ᠠᠷᠭ᠎ᠠ ᠵᠦᠢ ᠶᠢᠨ ᠵᠥᠪᠯᠡᠭᠡ ᠥᠭᠬᠦ ᠰᠤᠷᠭᠠᠯᠲᠠ ᠶᠢ ᠵᠣᠬᠢᠶᠠᠨ ᠪᠠᠶᠢᠭᠤᠯᠵᠤ ᠪᠠᠶᠢᠨ᠎ᠠ᠃

ᠰᠡᠳᠬᠢᠭᠳᠡᠯ ᠦᠯᠡᠳᠡᠭᠡᠬᠦ