ᠬᠥᠭᠡᠭᠡᠨ ᠬᠡᠯᠡᠯᠴᠡᠬᠦ ᠬᠤᠭᠤᠴᠠᠭ᠎ᠠ ᠶᠢ ᠶᠠᠯᠠᠯᠠᠭᠳᠠᠭᠴᠢ ᠪᠠᠷ ᠲᠠᠲᠠᠬᠤ ᠬᠦᠷᠲᠡᠯ᠎ᠡ ᠲᠣᠭᠠᠯᠠᠨ᠎ᠠ | News.MN

ᠬᠥᠭᠡᠭᠡᠨ ᠬᠡᠯᠡᠯᠴᠡᠬᠦ ᠬᠤᠭᠤᠴᠠᠭ᠎ᠠ ᠶᠢ ᠶᠠᠯᠠᠯᠠᠭᠳᠠᠭᠴᠢ ᠪᠠᠷ ᠲᠠᠲᠠᠬᠤ ᠬᠦᠷᠲᠡᠯ᠎ᠡ ᠲᠣᠭᠠᠯᠠᠨ᠎ᠠ

ᠬᠠᠤᠯᠢ ᠵᠦᠢ ᠳᠣᠲᠣᠭᠠᠳᠤ ᠬᠡᠷᠡᠭ ᠦᠨ ᠶᠠᠮᠤᠨ ᠠᠴᠠ ᠬᠠᠤᠯᠢ ᠶᠢᠨ ᠳᠠᠪᠬᠤᠷᠳᠠᠯ᠂ ᠬᠡᠶᠢᠳᠡᠯ᠂ ᠵᠥᠷᠢᠴᠡᠯ ᠢ ᠠᠷᠢᠯᠭᠠᠬᠤ ᠵᠣᠷᠢᠯᠭ᠎ᠠ ᠪᠠᠷ᠂ ︽ᠡᠷᠡᠭᠦᠦ ᠶᠢᠨ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ︾ ᠂
︽ ᠡᠷᠡᠭᠦᠦ ᠶᠢᠨ ᠬᠡᠷᠡᠭ ᠬᠢᠨᠠᠨ ᠰᠢᠢᠳᠪᠦᠷᠢᠯᠡᠬᠦ ᠲᠤᠬᠠᠢ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ︾ ᠂ ︽ᠵᠥᠷᠢᠴᠡᠯ ᠦᠨ ᠲᠤᠬᠠᠢ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ︾᠂
︽ ᠵᠥᠷᠢᠴᠡᠯ ᠰᠢᠯᠭᠠᠨ ᠰᠢᠢᠳᠪᠦᠷᠢᠯᠡᠬᠦ ᠲᠤᠬᠠᠢ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ︾᠂ ︽ᠰᠢᠭᠦᠬᠦ ᠶᠢᠨ ᠰᠢᠢᠳᠪᠦᠷᠢ ᠭᠦᠢᠴᠡᠳᠭᠡᠬᠦ ᠲᠤᠬᠠᠢ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ ︾ ᠵᠡᠷᠭᠡ ᠪᠠᠭᠴᠠ ᠬᠠᠤᠯᠢ ᠶᠢᠨ ᠲᠥᠰᠥᠯ ᠢ ᠪᠣᠯᠪᠠᠰᠤᠷᠠᠭᠤᠯᠵᠤ ᠂ ᠵᠠᠰᠠᠭ ᠤᠨ ᠭᠠᠵᠠᠷ ᠤᠨ 2019 ᠣᠨ ᠤ ᠳᠣᠯᠣᠳᠤᠭᠠᠷ ᠰᠠᠷ᠎ᠠ ᠶᠢᠨ 03᠍ ᠤ ᠡᠳᠦᠷ ᠦᠨ ᠬᠤᠷᠠᠯᠳᠤᠭᠠᠨ ᠢᠶᠠᠷ ᠬᠡᠯᠡᠯᠴᠡᠭᠦᠯᠵᠡᠢ᠃  ᠡᠨᠡ ᠲᠥᠰᠥᠯ ᠦᠨ ᠲᠠᠯ᠎ᠠ ᠪᠠᠷ ᠬᠠᠤᠯᠢ ᠵᠦᠢ ᠳᠣᠲᠣᠭᠠᠳᠤ ᠬᠡᠷᠡᠭ ᠦᠨ ᠶᠠᠮᠤᠨ ᠤ ᠬᠠᠤᠯᠢ ᠵᠦᠢ ᠶᠢᠨ ᠪᠣᠳᠣᠯᠭ᠎ᠠ ᠶᠢᠨ ᠭᠠᠵᠠᠷ ᠤᠨ ᠳᠠᠷᠤᠭ᠎ᠠ ᠫ∙ᠰᠠᠶᠢᠨᠵᠣᠷᠢᠭ ᠳᠠᠷᠠᠭᠠᠬᠢ ᠲᠠᠶᠢᠯᠪᠤᠷᠢ ᠶᠢ ᠥᠭᠴᠦ ᠪᠠᠶᠢᠨ᠎ᠠ᠃
– ᠡᠷᠡᠭᠦᠦ ᠶᠢᠨ ᠬᠠᠤᠯᠢ ᠳᠤ ᠨᠡᠮᠡᠯᠲᠡ ᠥᠭᠡᠷᠡᠴᠢᠯᠡᠯᠲᠡ ᠣᠷᠣᠭᠤᠯᠬᠤ ᠳᠤ ᠪᠠᠨ ᠭᠡᠮᠲᠦ ᠬᠡᠷᠡᠭ ᠦᠨ ᠬᠥᠭᠡᠭᠡᠨ ᠬᠡᠯᠡᠯᠴᠡᠬᠦ ᠬᠤᠭᠤᠴᠠᠭ᠎ᠠ ᠲᠠᠢ ᠬᠣᠯᠪᠣᠭ᠎ᠠ ᠲᠠᠢ ᠵᠣᠬᠢᠴᠠᠭᠤᠯᠤᠯᠲᠠ ᠶᠢ ᠪᠣᠯᠪᠠᠰᠤᠷᠠᠩᠭᠤᠢ ᠪᠣᠯᠭᠠᠬᠤ ᠪᠠᠷ ᠲᠤᠰᠬᠠᠭᠠᠳ  ᠪᠠᠶᠢᠨ᠎ᠠ᠃ ᠲᠤᠬᠠᠶᠢᠯᠠᠪᠠᠯ᠂ ᠣᠳᠣ ᠬᠦᠴᠦᠨ ᠲᠡᠭᠦᠯᠳᠡᠷ ᠦᠢᠯᠡᠴᠢᠯᠡᠵᠦ ᠪᠠᠶᠢᠭ᠎ᠠ ᠡᠷᠡᠭᠦᠦ ᠶᠢᠨ ᠬᠠᠤᠯᠢ ᠶᠢᠨ 1.10 ᠳ᠋ᠤᠭᠠᠷ ᠵᠦᠢᠯ ᠦᠨ 2 ᠳᠠᠬᠢ ᠬᠡᠰᠡᠭ ᠲᠦ ᠵᠢᠭᠠᠭᠰᠠᠨ ᠤ ᠳᠠᠭᠠᠤ ᠭᠡᠮᠲᠦ ᠬᠡᠷᠡᠭ ᠦᠨ ᠬᠥᠭᠡᠭᠡᠨ ᠬᠡᠯᠡᠯᠴᠡᠬᠦ ᠬᠤᠭᠤᠴᠠᠭ᠎ᠠ ᠶᠢ ᠭᠡᠮᠲᠦ ᠬᠡᠷᠡᠭ ᠦᠢᠯᠡᠳᠦᠭᠰᠡᠨ ᠡᠳᠦᠷ ᠡᠴᠡ ᠡᠬᠢᠯᠡᠨ ᠠᠩᠬᠠᠨ ᠱᠠᠲᠤᠨ ᠤ ᠰᠢᠭᠦᠬᠦ ᠶᠢᠨ ᠰᠢᠢᠳᠪᠦᠷᠢ ᠬᠦᠴᠦᠨ ᠲᠡᠭᠦᠯᠳᠡᠷ ᠪᠣᠯᠬᠤ ᠬᠦᠷᠲᠡᠯ᠎ᠡ ᠲᠣᠭᠠᠯᠠᠬᠤ ᠪᠠᠷ ᠵᠢᠭᠠᠭᠰᠠᠨ ᠢ ᠥᠭᠡᠷᠡᠴᠢᠯᠡᠵᠦ ᠶᠠᠯᠠᠯᠠᠭᠳᠠᠭᠴᠢ ᠪᠠᠷ ᠲᠠᠲᠠᠬᠤ ᠬᠦᠷᠲᠡᠯ᠎ᠡ ᠬᠥᠭᠡᠭᠡᠨ ᠬᠡᠯᠡᠯᠴᠡᠬᠦ ᠬᠤᠭᠤᠴᠠᠭ᠎ᠠ ᠶᠢ ᠲᠣᠭᠠᠯᠠᠬᠤ ᠪᠠᠷ ᠲᠤᠰᠬᠠᠵᠤ ᠤᠯᠤᠰ ᠤᠨ ᠶᠡᠬᠡ ᠬᠤᠷᠠᠯ ᠳᠦ ᠥᠷᠭᠡᠨ ᠮᠡᠳᠡᠭᠦᠯᠬᠦ ᠪᠡᠷ ᠲᠣᠭᠲᠠᠭᠠᠳ ᠪᠠᠶᠢᠨ᠎ᠠ᠃
ᠲᠡᠭᠦᠨᠴᠢᠯᠡᠨ ᠡᠷᠡᠭᠦᠦ ᠶᠢᠨ ᠬᠠᠤᠯᠢ ᠶᠢᠨ ᠲᠤᠰᠬᠠᠢ ᠠᠩᠭᠢ ᠳᠤ ᠬᠤᠷᠢᠬᠤ ᠶᠠᠯ᠎ᠠ ᠶᠢᠨ ᠳᠤᠤᠷᠠᠳᠤ ᠬᠡᠮᠵᠢᠶ᠎ᠡ ᠶᠢ ᠵᠢᠷᠭᠤᠭᠠᠨ ᠰᠠᠷ᠎ᠠ ᠠᠴᠠ ᠳᠡᠭᠡᠭᠰᠢ᠂ ᠳᠡᠭᠡᠳᠦ ᠬᠡᠮᠵᠢᠶ᠎ᠡ ᠶᠢ ᠭᠤᠷᠪᠠᠨ ᠵᠢᠯ᠂ ᠲᠡᠭᠦᠨ ᠡᠴᠡ ᠪᠠᠭ᠎ᠠ ᠬᠤᠭᠤᠴᠠᠭ᠎ᠠ ᠪᠠᠷ ᠲᠣᠭᠲᠠᠭᠠᠭᠰᠠᠨ᠂ ᠡᠰᠡᠬᠦᠯ᠎ᠡ ᠵᠣᠷᠴᠢᠬᠤ ᠡᠷᠬᠡ ᠶᠢ ᠬᠢᠵᠠᠭᠠᠷᠯᠠᠬᠤ ᠶᠠᠯ᠎ᠠ ᠶᠢᠨ ᠳᠤᠤᠷᠠᠳᠤ ᠬᠡᠮᠵᠢᠶ᠎ᠡ ᠶᠢ ᠵᠢᠷᠭᠤᠭᠠᠨ ᠰᠠᠷ᠎ᠠ ᠠᠴᠠ ᠳᠡᠭᠡᠭᠰᠢ᠂ ᠳᠡᠭᠡᠳᠦ ᠬᠡᠮᠵᠢᠶ᠎ᠡ ᠶᠢ ᠭᠤᠷᠪᠠᠨ ᠵᠢᠯ᠂ ᠲᠡᠭᠦᠨ ᠡᠴᠡ ᠪᠠᠭ᠎ᠠ ᠬᠤᠭᠤᠴᠠᠭ᠎ᠠ ᠪᠠᠷ ᠲᠣᠭᠲᠠᠭᠠᠭᠰᠠᠨ ᠭᠡᠮᠲᠦ ᠬᠡᠷᠡᠭ ᠬᠥᠭᠡᠭᠡᠨ ᠬᠡᠯᠡᠯᠴᠡᠬᠦ ᠬᠤᠭᠤᠴᠠᠭ᠎ᠠ ᠶᠢ ᠬᠡᠷᠬᠢᠨ ᠲᠣᠭᠠᠯᠠᠬᠤ ᠠᠰᠠᠭᠤᠳᠠᠯ ᠲᠣᠳᠣᠷᠬᠠᠢ ᠦᠭᠡᠢ ᠪᠠᠶᠢᠭᠰᠠᠨ ᠢ ᠵᠠᠰᠠᠵᠤ᠂ ᠪᠣᠯᠪᠠᠰᠤᠷᠠᠩᠭᠤᠢ ᠪᠣᠯᠭᠠᠬᠤ ᠪᠠᠷ ᠬᠣᠯᠪᠣᠭᠳᠠᠬᠤ ᠵᠣᠬᠢᠴᠠᠭᠤᠯᠤᠯᠲᠠ ᠶᠢ 2015 ᠣᠨ ᠳᠤ ᠪᠠᠲᠤᠯᠠᠭᠳᠠᠭᠰᠠᠨ ᠡᠷᠡᠭᠦᠦ ᠶᠢᠨ ᠬᠠᠤᠯᠢ ᠳᠤ ᠨᠡᠮᠡᠵᠦ ᠲᠤᠰᠬᠠᠬᠤ ᠵᠡᠷᠭᠡ ᠬᠣᠯᠪᠣᠭᠳᠠᠬᠤ ᠨᠡᠮᠡᠯᠲᠡ ᠥᠭᠡᠷᠡᠴᠢᠯᠡᠯᠲᠡ ᠶᠢ ᠲᠤᠰᠬᠠᠭᠠᠳ ᠪᠠᠶᠢᠨ᠎ᠠ ᠃

ᠰᠡᠳᠬᠢᠭᠳᠡᠯ ᠦᠯᠡᠳᠡᠭᠡᠬᠦ