ᠠᠮᠧᠷᠢᠺᠠ ᠶᠢᠨ ᠣᠢ ᠶᠢᠨ ᠠᠯᠪᠠ ᠲᠠᠢ ᠬᠠᠮᠲᠤᠷᠠᠨ ᠠᠵᠢᠯᠯᠠᠨ᠎ᠠ | News.MN

ᠠᠮᠧᠷᠢᠺᠠ ᠶᠢᠨ ᠣᠢ ᠶᠢᠨ ᠠᠯᠪᠠ ᠲᠠᠢ ᠬᠠᠮᠲᠤᠷᠠᠨ ᠠᠵᠢᠯᠯᠠᠨ᠎ᠠ

ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠤᠨ ᠲᠡᠷᠢᠭᠦᠨ ᠳᠡᠳ᠋ ᠳᠠᠷᠤᠭ᠎ᠠ᠂ ᠪᠠᠷᠢᠭᠠᠳᠠ ᠶᠢᠨ ᠭᠧᠨᠧᠷᠠᠯ ᠭ∙ ᠠᠷᠢᠭᠤᠨᠪᠤᠶᠠᠨ ᠥᠨᠥᠳᠥᠷ ᠠᠮᠧᠷᠢᠺᠠ  ᠠᠴᠠ ᠮᠣᠩᠭᠣᠯ ᠤᠯᠤᠰ ᠲᠤ ᠰᠠᠭᠤᠭ᠎ᠠ ᠪᠠᠲᠤᠯᠠᠨ ᠬᠠᠮᠠᠭᠠᠯᠠᠬᠤ ᠶᠢᠨ ᠠᠲᠲ᠋ᠠᠱᠧ᠂ ᠳᠡᠳ᠋ ᠬᠤᠷᠠᠩᠳᠠ ᠹᠢᠯᠢᠫ ᠱᠠᠸᠤᠨ ᠯᠤᠤ ᠶᠢ ᠬᠦᠯᠢᠶᠡᠨ ᠠᠪᠴᠤ ᠠᠭᠤᠯᠵᠠᠯ᠎ᠠ᠃ ᠳᠡᠳ᠋ ᠬᠤᠷᠠᠩᠳᠠ ᠹᠢᠯᠢᠫ ᠱᠠᠸᠤᠨ ᠯᠤᠤ ᠨᠢ 2019 ᠣᠨ ᠤ 07 ᠳ᠋ᠤᠭᠠᠷ ᠰᠠᠷ᠎ᠠ ᠠᠴᠠ ᠠᠮᠧᠷᠢᠺᠠ ᠶᠢᠨ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠪᠠᠲᠤᠯᠠᠨ ᠬᠠᠮᠠᠭᠠᠯᠠᠬᠤ ᠶᠢᠨ ᠠᠬᠠᠯᠠᠬᠤ ᠠᠵᠢᠯᠲᠠᠨ ᠪᠣᠯᠤᠨ ᠪᠠᠲᠤᠯᠠᠨ ᠬᠠᠮᠠᠭᠠᠯᠠᠬᠤ ᠶᠢᠨ ᠠᠲᠲ᠋ᠠᠱᠧ ᠪᠠᠷ ᠠᠵᠢᠯᠯᠠᠵᠤ ᠪᠠᠶᠢᠨ᠎ᠠ᠃
ᠠᠭᠤᠯᠵᠠᠯᠲᠠ ᠶᠢᠨ ᠡᠬᠢᠨ ᠳᠦ ᠪᠠᠷᠢᠭᠠᠳᠠ ᠶᠢᠨ ᠭᠧᠨᠧᠷᠠᠯ ᠭ∙ᠠᠷᠢᠭᠤᠨᠪᠤᠶᠠᠨ ᠮᠣᠩᠭᠣᠯ ᠤᠯᠤᠰ ᠤᠨ ᠣᠨᠴᠠᠭᠠᠢ ᠪᠠᠶᠢᠳᠠᠯ ᠤᠨ ᠠᠯᠪᠠ ᠶᠢ ᠪᠡᠬᠢᠵᠢᠭᠦᠯᠬᠦ ᠳᠦ ᠠᠮᠧᠷᠢᠺᠠ ᠶᠢᠨ ᠡᠯᠴᠢᠨ ᠰᠠᠶᠢᠳ ᠤᠨ ᠶᠠᠮᠤᠨ᠂ ᠪᠠᠲᠤᠯᠠᠨ ᠬᠠᠮᠠᠭᠠᠯᠠᠬᠤ ᠶᠢᠨ ᠠᠲᠲ᠋ᠠᠱᠧ ᠤᠨ ᠭᠠᠵᠠᠷ ᠪᠣᠯᠤᠨ ᠪᠠᠲᠤᠯᠠᠨ ᠬᠠᠮᠠᠭᠠᠯᠠᠬᠤ ᠶᠢᠨ ᠬᠠᠮᠲᠤ ᠶᠢᠨ ᠠᠵᠢᠯᠯᠠᠭᠠᠨ ᠤ ᠬᠡᠯᠲᠡᠰ ᠨᠢᠭᠲᠠ ᠬᠠᠮᠲᠤᠷᠠᠨ ᠠᠵᠢᠯᠯᠠᠵᠤ ᠪᠠᠶᠢᠳᠠᠭ ᠲᠤ ᠲᠠᠯᠠᠷᠬᠠᠯ ᠢᠯᠡᠷᠬᠡᠶᠢᠯᠡᠯ᠎ᠡ᠃ ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ᠂ ᠠᠮᠧᠷᠢᠺᠠ ᠶᠢᠨ ᠣᠢ ᠶᠢᠨ ᠠᠯᠪᠠ ᠲᠠᠢ ᠬᠠᠮᠲᠤᠷᠠᠨ ᠣᠰᠣᠯ ᠤᠨ ᠤᠳᠤᠷᠢᠳᠤᠯᠭ᠎ᠠ ᠶᠢᠨ ᠨᠢᠭᠡᠳᠦᠭᠰᠡᠨ ᠲᠣᠭᠲᠠᠯᠴᠠᠭ᠎ᠠ ᠶᠢ ᠮᠣᠩᠭᠣᠯ ᠤᠯᠤᠰ ᠲᠤ ᠨᠡᠪᠲᠡᠷᠡᠭᠦᠯᠬᠦ ᠪᠡᠷ ᠠᠵᠢᠯᠯᠠᠵᠤ ᠪᠠᠶᠢᠭ᠎ᠠ ᠶᠤᠮ᠃
ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ᠂ ᠠᠮᠧᠷᠢᠺᠠ ᠶᠢᠨ ᠪᠠᠲᠤᠯᠠᠨ ᠬᠠᠮᠠᠭᠠᠯᠠᠬᠤ ᠶᠢᠨ ᠠᠲᠲ᠋ᠠᠱᠧ ᠤᠨ ᠭᠠᠵᠠᠷ ᠤᠨ ᠬᠠᠷᠢᠯᠴᠠᠭ᠎ᠠ ᠬᠠᠮᠲᠤ ᠶᠢᠨ ᠠᠵᠢᠯᠯᠠᠭᠠᠨ ᠤ ᠲᠣᠮᠣᠬᠠᠨ ᠵᠢᠱᠢᠶ᠎ᠡ ᠨᠢ ︽ᠭᠣᠪᠢ ᠶᠢᠨ ᠴᠢᠨᠣ᠎ᠠ︾ ᠭᠠᠮᠰᠢᠭ ᠤᠨ ᠬᠣᠣᠷ ᠤᠷᠰᠢᠭ ᠢ ᠠᠷᠢᠯᠭᠠᠬᠤ ᠳᠠᠰᠬᠠᠯ ᠰᠤᠷᠭᠠᠭᠤᠯᠢ᠂ ᠲᠤᠷᠰᠢᠯᠭ᠎ᠠ ᠰᠤᠯᠢᠯᠴᠠᠬᠤ ᠦᠢᠯᠡ ᠠᠵᠢᠯᠯᠠᠭ᠎ᠠ ᠪᠠᠶᠢᠳᠠᠭ᠃ ︽ᠭᠣᠪᠢ ᠶᠢᠨ ᠴᠢᠨᠣ᠎ᠠ︾ ᠳᠠᠰᠬᠠᠯ ᠰᠤᠷᠭᠠᠭᠤᠯᠢ ᠨᠢ ᠵᠢᠯ ᠢᠷᠡᠬᠦ ᠪᠦᠷᠢ ᠬᠠᠮᠤᠷᠬᠤ ᠴᠠᠷ᠎ᠠ ᠬᠦᠷᠢᠶ᠎ᠡ᠂ ᠵᠣᠬᠢᠶᠠᠨ ᠪᠠᠶᠢᠭᠤᠯᠤᠭᠳᠠᠵᠤ ᠪᠤᠢ ᠠᠷᠭ᠎ᠠ ᠬᠡᠮᠵᠢᠶ᠎ᠡ᠂ ᠣᠷᠣᠯᠴᠠᠭᠴᠢᠳ ᠤᠨ ᠲᠣᠭ᠎ᠠ ᠥᠰᠦᠨ ᠨᠡᠮᠡᠭᠳᠡᠵᠦ ᠪᠠᠶᠢᠭ᠎ᠠ ᠶᠤᠮ ᠭᠡᠵᠦ ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠠᠴᠠ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ