ᠳ∙ᠴᠣᠭᠲᠤᠪᠠᠭᠠᠲᠤᠷ ᠪᠥᠰᠡ ᠶᠢᠨ ᠴᠢᠭᠤᠯᠭ᠎ᠠ ᠠᠭᠤᠯᠵᠠᠯᠲᠠ ᠳᠤ ᠤᠷᠤᠯᠴᠠᠪᠠ  | News.MN

ᠳ∙ᠴᠣᠭᠲᠤᠪᠠᠭᠠᠲᠤᠷ ᠪᠥᠰᠡ ᠶᠢᠨ ᠴᠢᠭᠤᠯᠭ᠎ᠠ ᠠᠭᠤᠯᠵᠠᠯᠲᠠ ᠳᠤ ᠤᠷᠤᠯᠴᠠᠪᠠ 

ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ ᠨᠠᠢᠮᠠᠳᠤᠭᠠᠷ ᠰᠠᠷ᠎ᠠ ᠶᠢᠨ 2 ᠳᠦ ᠲᠠᠶᠢᠯᠠᠨᠳ᠋ ᠤᠯᠤᠰ ᠤᠨ ᠨᠡᠶᠢᠰᠯᠡᠯ ᠪᠠᠩᠺᠤᠺ ᠬᠤᠲᠠ ᠳᠤ ᠪᠣᠯᠵᠤ ᠪᠤᠢАСЕАН ᠶᠢᠨ ᠪᠥᠰᠡ ᠶᠢᠨ ᠴᠢᠭᠤᠯᠭ᠎ᠠ ᠠᠭᠤᠯᠵᠠᠯᠲᠠ  ︵Asian Region Federation ︶᠍ ᠶᠢᠨ ᠰᠠᠶᠢᠳ ᠨᠠᠷ ᠤᠨ 26 ᠳ᠋ᠤᠭᠠᠷ ᠬᠤᠷᠠᠯᠳᠤᠭᠠᠨ ᠳᠤ ᠣᠷᠣᠯᠴᠠᠯ᠎ᠠ᠃ ᠬᠤᠷᠠᠯᠳᠤᠭᠠᠨ ᠤ ᠦᠶ᠎ᠡ ᠪᠡᠷ ᠲᠡᠷᠡ ᠪᠥᠰᠡ ᠨᠤᠲᠤᠭ ᠤᠨ ᠪᠣᠯᠤᠨ ᠣᠯᠠᠨ ᠤᠯᠤᠰ ᠤᠨ ᠠᠶᠤᠯᠭᠦᠢ ᠪᠠᠶᠢᠳᠠᠯ ᠤᠨ ᠲᠠᠯ᠎ᠠ ᠪᠠᠷ ᠮᠣᠩᠭᠣᠯ ᠤᠯᠤᠰ ᠤᠨ ᠪᠠᠷᠢᠮᠲᠠᠯᠠᠵᠤ ᠪᠤᠢ ᠪᠠᠶᠢᠷᠢ ᠰᠠᠭᠤᠷᠢ᠂ ᠠᠪᠴᠤ ᠬᠡᠷᠡᠭᠵᠢᠭᠦᠯᠵᠦ ᠪᠤᠢ ᠦᠢᠯᠡ ᠠᠵᠢᠯᠯᠠᠭ᠎ᠠ ᠶᠢ ᠲᠠᠨᠢᠯᠴᠠᠭᠤᠯᠪᠠ᠃АСЕАН ᠶᠢᠨ ᠪᠥᠰᠡ ᠶᠢᠨ ᠴᠢᠭᠤᠯᠭ᠎ᠠ ᠠᠭᠤᠯᠵᠠᠯᠲᠠ ᠨᠢ ᠪᠥᠰᠡ ᠨᠤᠲᠤᠭ ᠤᠨ ᠤᠯᠤᠰ ᠲᠥᠷᠥ᠂ ᠠᠶᠦᠯᠭᠦᠢ ᠪᠠᠶᠢᠳᠠᠯ ᠤᠨ ᠲᠠᠯ᠎ᠠ ᠪᠠᠷ ᠬᠡᠯᠡᠯᠴᠡᠳᠡᠭ ᠲᠣᠮᠣᠬᠠᠨ ᠮᠧᠬᠠᠨᠢᠰᠮ ᠪᠣᠯᠤᠭᠰᠠᠨ ᠢ ᠣᠨᠴᠠᠯᠠᠨ ᠲᠡᠮᠳᠡᠭᠯᠡᠵᠦ᠂ ᠲᠤᠰ ᠴᠢᠭᠤᠯᠭ᠎ᠠ ᠠᠭᠤᠯᠵᠠᠯᠲᠠ ᠶᠢᠨ ᠬᠦᠷᠢᠶᠡᠨ ᠳᠦ ᠵᠡᠭᠦᠨ ᠬᠤᠶᠢᠳᠤ ᠠᠽᠢᠶ᠎ᠠ ᠶᠢᠨ ᠭᠠᠳᠠᠭᠠᠳᠤ ᠬᠡᠷᠡᠭ ᠦᠨ ᠰᠠᠶᠢᠳ ᠨᠠᠷ ᠤᠨ ᠠᠯᠪᠠᠨ ᠪᠤᠰᠤ ᠠᠭᠤᠯᠵᠠᠯᠲᠠ ᠶᠢ ᠵᠣᠬᠢᠶᠠᠨ ᠪᠠᠶᠢᠭᠤᠯᠬᠤ ᠶᠢ ᠰᠠᠨᠠᠯ ᠪᠣᠯᠭᠠᠪᠠ᠃
ᠮᠥᠨ ᠳᠡᠯᠡᠬᠡᠢ ᠨᠡᠶᠢᠲᠡ ᠶᠢᠨ ᠡᠮᠦᠨ᠎ᠡ ᠲᠤᠯᠭᠠᠷᠠᠵᠤ ᠪᠤᠢ ᠤᠯᠠᠮᠵᠢᠯᠠᠯᠲᠤ ᠪᠤᠰᠤ ᠠᠶᠤᠯ ᠵᠠᠨᠤᠯ᠂ ᠰᠣᠷᠢᠯᠲᠠ ᠶᠢ ᠳᠠᠪᠠᠨ ᠲᠤᠭᠤᠯᠬᠤ ᠳᠤ ᠵᠠᠯᠠᠭᠤᠴᠤᠳ ᠤᠨ ᠣᠷᠣᠯᠴᠠᠭ᠎ᠠ ᠴᠢᠬᠤᠯᠠ ᠪᠣᠯᠬᠤ ᠶᠢ ᠳᠤᠷᠠᠳᠴᠤ᠂ ᠵᠠᠯᠠᠭᠤᠴᠤᠳ ᠤᠨ ᠣᠷᠣᠯᠴᠠᠭ᠎ᠠ ᠶᠢ ᠢᠳᠡᠪᠬᠢᠵᠢᠭᠦᠯᠬᠦ ᠡᠭᠦᠳᠡᠨ ᠡᠴᠡ ᠮᠠᠨ ᠤ ᠤᠯᠤᠰ ᠠᠴᠠ ᠳᠡᠪᠰᠢᠭᠦᠯᠦᠭᠰᠡᠨ ᠰᠠᠨᠠᠭᠠᠴᠢᠯᠠᠭ᠎ᠠ ᠨᠤᠭᠤᠳ ᠢ ᠲᠠᠨᠢᠯᠴᠠᠭᠤᠯᠪᠠ᠃

ᠰᠡᠳᠬᠢᠭᠳᠡᠯ ᠦᠯᠡᠳᠡᠭᠡᠬᠦ