ᠧᠦ᠋ᠷᠣᠫᠠ  ᠤᠷᠤᠭᠤ 100 ᠰᠠᠶ᠎ᠠ ᠳ᠋ᠣᠯᠯᠠᠷ ᠤᠨ ᠪᠦᠲᠦᠭᠡᠭᠳᠡᠬᠦᠨ ᠭᠠᠷᠭᠠᠵᠠᠢ  | News.MN

ᠧᠦ᠋ᠷᠣᠫᠠ  ᠤᠷᠤᠭᠤ 100 ᠰᠠᠶ᠎ᠠ ᠳ᠋ᠣᠯᠯᠠᠷ ᠤᠨ ᠪᠦᠲᠦᠭᠡᠭᠳᠡᠬᠦᠨ ᠭᠠᠷᠭᠠᠵᠠᠢ 

ᠧᠦ᠋ᠷᠣᠫᠠ ᠶᠢᠨ ᠬᠣᠯᠪᠣᠭᠠᠨ ᠤ ᠬᠥᠩᠭᠡᠯᠡᠯᠲᠡ ᠶᠢᠨ ᠶᠡᠷᠦᠩᠬᠡᠢ ᠰᠢᠰᠲ᠋ᠧᠮ ᠬᠥᠲᠥᠯᠪᠦᠷᠢ ᠶᠢᠨ ᠬᠦᠷᠢᠶᠡᠨ ᠳᠦ ᠮᠣᠩᠭᠣᠯ ᠤᠯᠤᠰ ᠵᠢᠯ ᠳᠦ 6200 ᠨᠡᠷ᠎ᠡ ᠲᠥᠷᠥᠯ ᠦᠨ ᠪᠦᠲᠦᠭᠡᠭᠳᠡᠬᠦᠨ ᠢ ᠧᠦ᠋ᠷᠣᠫᠠ ᠶᠢᠨ ᠵᠠᠬ᠎ᠠ ᠵᠡᠭᠡᠯᠢ ᠳᠦ ᠲᠠᠲᠠᠪᠤᠷᠢ ᠦᠭᠡᠢ ᠡᠰᠺᠫᠤᠷᠲᠯᠠᠬᠤ ᠪᠣᠯᠤᠮᠵᠢ ᠲᠠᠢ᠃ ᠭᠡᠰᠡᠨ ᠴᠤ ᠮᠠᠨ ᠤ ᠤᠯᠤᠰ ᠲᠣᠭ᠎ᠠ ᠲᠠᠢ ᠬᠡᠳᠦᠨ ᠲᠥᠷᠥᠯ ᠦᠨ ᠪᠦᠲᠦᠭᠡᠭᠳᠡᠬᠦᠨ ᠢ ᠯᠠ ᠲᠤᠰ ᠵᠠᠬ᠎ᠠ ᠵᠡᠭᠡᠯᠢ ᠳᠦ ᠭᠠᠷᠭᠠᠳᠠᠭ᠃ ᠥᠭᠡᠷ᠎ᠡ ᠪᠡᠷ ᠬᠡᠯᠡᠪᠡᠯ᠂ ᠣᠷᠭᠠᠨᠢᠭ ᠭᠣᠸ᠎ᠠ ᠰᠠᠶᠢᠬᠠᠨ ᠤ ᠪᠦᠲᠦᠭᠡᠭᠳᠡᠬᠦᠨ᠂ ᠰᠠᠷᠯᠤᠭ ᠪᠣᠯᠤᠨ ᠪᠣᠲᠣᠭᠣᠨ ᠤ ᠨᠣᠣᠰᠣ᠂ ᠴᠢᠴᠠᠷᠭᠠᠨ᠎ᠠ ᠶᠢᠨ ᠲᠣᠰᠣ ᠪᠣᠯᠤᠨ ᠠᠷᠠᠰᠤ ᠰᠢᠷᠢ ᠶᠢ ᠭᠠᠷᠭᠠᠵᠤ ᠪᠠᠶᠢᠭ᠎ᠠ᠃ ᠥᠩᠭᠡᠷᠡᠭᠰᠡᠨ ᠣᠨ ᠳᠤ ᠭᠡᠬᠦ ᠳᠦ ᠮᠣᠩᠭᠣᠯ ᠤᠯᠤᠰ 13 ᠲᠡᠷᠪᠤᠮ ᠳ᠋ᠣᠯᠯᠠᠷ ᠤᠨ ᠭᠠᠳᠠᠭᠠᠳᠤ ᠬᠤᠳᠠᠯᠳᠤᠭ᠎ᠠ ᠬᠢᠭᠰᠡᠨ ᠡᠴᠡ 7 ᠲᠡᠷᠪᠤᠮ ᠨᠢ ᠡᠺᠰᠫᠣᠷᠲ ᠪᠠᠶᠢᠭᠰᠠᠨ᠃ ᠡᠭᠦᠨ ᠦ 100 ᠰᠠᠶ᠎ᠠ ᠳ᠋ᠣᠯᠯᠠᠷ ᠨᠢ ᠧᠦ᠋ᠷᠣᠫᠠ ᠶᠢᠨ ᠬᠣᠯᠪᠣᠭᠠᠨ ᠤ ᠵᠠᠬ᠎ᠠ ᠵᠡᠭᠡᠯᠢ ᠳᠦ ᠭᠠᠷᠭᠠᠵᠤ ᠪᠤᠢ ᠪᠦᠲᠦᠭᠡᠭᠳᠡᠬᠦᠨ ᠦ ᠣᠷᠣᠯᠭ᠎ᠠ ᠶᠤᠮ᠃

ᠰᠡᠳᠬᠢᠭᠳᠡᠯ ᠦᠯᠡᠳᠡᠭᠡᠬᠦ