ᠪᠠᠷᠠᠭᠤᠨ ᠪᠥᠰᠡ ᠶᠢᠨ ᠲᠥᠪ-ᠬᠣᠪᠳᠣ ᠠᠶᠢᠮᠠᠭ ᠤᠨ ᠣᠨᠴᠠᠭᠠᠢ ᠪᠠᠶᠢᠳᠠᠯ ᠤᠨ ᠭᠠᠵᠠᠷ ᠨᠢ ᠥᠩᠭᠡᠷᠡᠭᠴᠢ ᠵᠢᠷᠭᠤᠳᠤᠭᠠᠷ ᠰᠠᠷ᠎ᠠ ᠳᠤ ᠤᠰᠤᠨ ᠰᠫᠣᠷᠲ ᠤᠨ ᠰᠤᠷᠭᠠᠯᠲᠠ ᠶᠢᠨ ᠲᠥᠪ ᠍ ᠲᠡᠢ ᠪᠣᠯᠤᠭᠰᠠᠨ ᠶᠤᠮ᠃ ᠡᠶᠢᠮᠤ ᠲᠦᠪ ᠲᠡᠢ ᠪᠣᠯᠤᠭᠰᠠᠨ ᠢᠶᠠᠷ ᠠᠩᠬᠠᠨ ᠤ ᠲᠡᠮᠡᠴᠡᠭᠡᠨ ᠢᠶᠡᠨ ᠠᠯᠪᠠ ᠬᠠᠭᠠᠭᠴᠢᠳ ᠤᠨ ᠳᠤᠮᠳᠠ 2019 ᠣᠨ ᠤ 07 ᠳ᠋ᠤᠭᠠᠷ ᠰᠠᠷ᠎ᠠ ᠶᠢᠨ 29 ᠍ ᠦ ᠡᠳᠦᠷ ᠵᠣᠬᠢᠶᠠᠨ ᠪᠠᠶᠢᠭᠤᠯᠤᠯ᠎ᠠ᠃ ᠤᠰᠤᠨ ᠳᠤ ᠰᠡᠯᠢᠯᠲᠡ ᠶᠢᠨ ᠲᠡᠮᠡᠴᠡᠭᠡᠨ ᠥᠪᠥᠷ ᠢᠶᠡᠷ ᠳᠠᠯᠠᠯᠤᠯᠲᠠ᠂ ᠠᠷᠤ ᠪᠠᠷ ᠳᠠᠯᠠᠯᠤᠯᠲᠠ ᠭᠡᠰᠡᠨ ᠬᠣᠶᠠᠷ ᠲᠥᠷᠥᠯ ᠢᠶᠡᠷ᠂ ᠬᠣᠶᠠᠷ ᠨᠠᠰᠤᠨ ᠤ ᠠᠩᠭᠢᠯᠠᠯ ᠳᠤ ᠶᠠᠪᠤᠭᠳᠠᠵᠤ ᠠᠪᠤᠷᠭᠤ ᠨᠠᠷ ᠢᠶᠠᠨ ᠲᠣᠳᠣᠷᠠᠭᠤᠯᠤᠭᠰᠠᠨ ᠪᠠᠶᠢᠨ᠎ᠠ᠃
30 ᠠᠴᠠ ᠳᠡᠭᠡᠭᠰᠢ ᠨᠠᠰᠤᠨ ᠤ ᠠᠩᠭᠢᠯᠠᠯ ᠤᠨ ᠲᠡᠷᠢᠭᠦᠨ ᠪᠠᠶᠢᠷᠢᠨ ᠳᠤ ᠭᠠᠯ ᠲᠦᠢᠮᠡᠷ ᠤᠨᠲᠠᠷᠠᠭᠠᠬᠤ᠂ ᠠᠪᠤᠷᠠᠬᠤ 48 ᠳ᠋ᠤᠭᠠᠷ ᠠᠩᠬᠢ ᠶᠢᠨ ᠵᠢᠯᠣᠭᠣᠴᠢ᠂ ᠠᠬᠠᠯᠠᠬᠤ ᠠᠬᠠᠯᠠᠭᠴᠢ ᠳ∙ᠪᠠᠲᠤᠪᠠᠶᠠᠷ᠂ ᠳᠡᠳ᠋ ᠪᠠᠶᠢᠷᠢᠨ ᠳᠤ ᠠᠬᠠᠯᠠᠬᠤ ᠠᠬᠠᠯᠠᠭᠴᠢ ᠪ∙ᠮᠥᠩᠬᠡᠪᠠᠲᠤ᠂ 30 ᠠᠴᠠ ᠳᠣᠭᠣᠭᠰᠢ ᠨᠠᠰᠤᠨ ᠤ ᠠᠩᠭᠢᠯᠠᠯ ᠤᠨ ᠲᠡᠷᠢᠭᠦᠨ ᠪᠠᠶᠢᠷᠢᠨ ᠳᠤ ᠭᠠᠯ ᠲᠦᠢᠮᠡᠷ ᠤᠨᠲᠠᠷᠠᠭᠠᠬᠤ᠂ ᠠᠪᠤᠷᠠᠬᠤ 48 ᠳ᠋ᠤᠭᠠᠷ ᠠᠩᠬᠢ ᠶᠢᠨ ᠭᠠᠯ ᠰᠥᠨᠥᠭᠡᠭᠴᠢ᠂ ᠳᠡᠳ᠋ ᠠᠬᠠᠯᠠᠭᠴᠢ ᠮ∙ᠭᠡᠷᠡᠯᠨᠢᠮᠠ᠂ ᠳᠡᠳ᠋ ᠪᠠᠶᠢᠷᠢᠨ ᠳᠤ ᠳᠡᠳ᠋ ᠠᠬᠠᠯᠠᠭᠴᠢ ᠪ∙ᠪᠠᠲᠤᠪᠠᠶᠠᠷ ᠨᠠᠷ ᠰᠢᠯᠭᠠᠷᠠᠵᠤ ᠡᠷᠭᠦᠮᠵᠢᠯᠡᠯ᠂ ᠳᠤᠷᠠᠰᠬᠠᠯ ᠤᠨ ᠵᠦᠢᠯ ᠢᠶᠡᠷ ᠱᠠᠩᠨᠠᠭᠳᠠᠯᠠ᠃ ᠲᠤᠰ ᠲᠡᠮᠡᠴᠡᠭᠡᠨ ᠳᠦ 28 ᠠᠯᠪᠠ ᠬᠠᠭᠠᠭᠴᠢ ᠣᠷᠣᠯᠴᠠᠵᠤ ᠬᠤᠷᠳᠤ ᠬᠦᠴᠦ᠂ ᠠᠪᠬᠠᠯᠵᠢ ᠰᠠᠮᠪᠠᠭ᠎ᠠ ᠪᠠᠨ ᠰᠣᠷᠢᠨ ᠥᠷᠢᠰᠦᠯᠳᠦᠭᠰᠡᠨ ᠶᠤᠮ ᠭᠡᠵᠦ ᠬᠣᠪᠳᠣ ᠠᠶᠢᠮᠠᠭ ᠤᠨ ᠣᠨᠴᠠᠭᠠᠢ ᠪᠠᠶᠢᠳᠠᠯ ᠤᠨ ᠭᠠᠵᠠᠷ ᠠᠴᠠ ᠮᠡᠳᠡᠭᠡᠯᠡᠯ᠎ᠡ᠃