ᠲᠠᠪᠤᠨᠲᠣᠯᠣᠭᠠᠢ IPO ᠭᠠᠷᠭᠠᠬᠤ ᠥᠬᠢᠨ ᠺᠣᠮᠫᠠᠨᠢ ᠲᠠᠢ ᠪᠣᠯᠵᠠᠢ  | News.MN

ᠲᠠᠪᠤᠨᠲᠣᠯᠣᠭᠠᠢ IPO ᠭᠠᠷᠭᠠᠬᠤ ᠥᠬᠢᠨ ᠺᠣᠮᠫᠠᠨᠢ ᠲᠠᠢ ᠪᠣᠯᠵᠠᠢ 

ᠵᠠᠰᠠᠭ ᠤᠨ ᠭᠠᠵᠠᠷ ᠠᠴᠠ ︽ᠡᠷᠳᠡᠨᠢᠰ ᠲᠠᠪᠤᠨᠲᠣᠯᠣᠭᠠᠢ︾ ᠺᠣᠮᠫᠠᠨᠢ ᠶᠢᠨ ᠲᠠᠯ᠎ᠠ ᠪᠠᠷ ᠠᠪᠬᠤ ᠵᠠᠷᠢᠮ ᠠᠷᠭ᠎ᠠ ᠬᠡᠮᠵᠢᠶᠡᠨ ᠦ ᠲᠤᠬᠠᠢ 279 ᠍ ᠳᠦᠭᠡᠷ ᠲᠣᠭᠲᠠᠭᠠᠯ ᠢ ᠪᠠᠲᠤᠯᠠᠭᠰᠠᠨ᠃ ᠡᠨᠡ ᠲᠣᠭᠲᠠᠭᠠᠯ ᠳᠤ ᠲᠠᠪᠤᠨᠲᠣᠯᠣᠭᠠᠢ ᠶᠢᠨ ᠣᠷᠳᠣ ᠶᠢᠨ ᠵᠡᠭᠦᠨ ᠴᠠᠩᠬᠢ  ᠶᠢᠨ ᠬᠡᠰᠡᠭ ᠢ ᠡᠵᠡᠮᠰᠢᠵᠦ᠂ ᠲᠡᠭᠦᠨ ᠦ ᠪᠡᠨ 30 ᠬᠤᠪᠢ ᠶᠢ ᠭᠠᠳᠠᠭᠠᠳᠤ ᠵᠠᠬ᠎ᠠ ᠵᠡᠭᠡᠯᠢ ᠳᠦ IPO ᠭᠠᠷᠭᠠᠬᠤ ᠡᠷᠬᠡ ᠮᠡᠳᠡᠯ ᠪᠦᠬᠦᠢ ᠥᠬᠢᠨ ᠺᠣᠮᠫᠠᠨᠢ ᠪᠠᠶᠢᠭᠤᠯᠬᠤ ᠪᠠᠷ ᠲᠤᠰᠬᠠᠭᠰᠠᠨ ᠪᠠᠶᠢᠨ᠎ᠠ᠃
ᠠᠭᠤᠯᠠ ᠠᠭᠤᠷᠬᠠᠢ ᠬᠦᠨᠳᠦ ᠦᠢᠯᠡᠳᠪᠦᠷᠢ ᠶᠢᠨ ᠰᠠᠶᠢᠳ ᠳ∙ᠰᠤᠮᠢᠶᠠᠪᠠᠽᠠᠷ ᠡᠮᠦᠨ᠎ᠡ ᠨᠢ ᠡᠨᠡ ᠲᠠᠯ᠎ᠠ ᠪᠠᠷ ᠲᠠᠶᠢᠯᠪᠤᠷᠢᠯᠠᠬᠤ ᠳᠤ ᠪᠠᠨ ᠄ ᠣᠳᠣ ᠪᠠᠶᠢᠭ᠎ᠠ ᠺᠣᠮᠫᠠᠨᠢ ᠪᠠᠷ ᠢᠶᠠᠨ ᠬᠥᠷᠥᠩᠭᠡ ᠶᠢᠨ ᠪᠢᠷᠵᠢ ᠳᠡᠭᠡᠷ᠎ᠡ ᠭᠠᠷᠤᠨ᠎ᠠ ᠭᠡᠬᠦ ᠪᠡᠷ ᠵᠢᠷᠭᠤᠭᠠᠨ ᠣᠷᠳᠣ ᠳᠡᠭᠡᠷ᠎ᠡ ᠨᠠᠢᠮᠠᠨ ᠲᠤᠰᠬᠠᠢ ᠵᠥᠪᠰᠢᠶᠡᠷᠡᠯ ᠪᠠᠶᠢᠭ᠎ᠠ᠃ ᠪᠥᠭᠡᠮ ᠢᠶᠡᠷ ᠨᠢ ᠬᠥᠷᠥᠩᠭᠡ ᠶᠢᠨ ᠪᠢᠷᠵᠢ ᠳᠡᠭᠡᠷ᠎ᠡ ᠭᠠᠷᠭᠠᠬᠤ ᠨᠢ ᠡᠷᠡᠰᠳᠡᠯ ᠲᠡᠢ᠃ ᠲᠡᠶᠢᠮᠦ ᠤᠴᠢᠷ ᠠᠴᠠ ᠪᠠᠷᠠᠭᠤᠨ᠂ ᠵᠡᠭᠦᠨ  ᠴᠠᠩᠬᠢ ᠶᠢᠨ ᠠᠯᠢ ᠨᠢᠭᠡ ᠨᠢ ᠥᠬᠢᠨ ᠺᠣᠮᠫᠠᠨᠢ ᠬᠡᠯᠪᠡᠷᠢ ᠳᠦ ᠣᠷᠣᠵᠤ ᠪᠠᠶᠢᠵᠤ ᠬᠥᠷᠥᠩᠭᠡ ᠶᠢᠨ ᠪᠢᠷᠵᠢ ᠳᠦ ᠭᠠᠷᠭᠠᠬᠤ ᠨᠢ ᠵᠦᠢᠲᠡᠢ ᠬᠡᠮᠡᠨ ᠦᠵᠡᠵᠦ ᠪᠠᠶᠢᠭ᠎ᠠ᠃ ᠵᠡᠭᠦᠨ ᠴᠠᠩᠬᠢ ᠶᠢᠨ 30 ᠬᠤᠪᠢ ᠶᠢ ᠬᠥᠷᠥᠩᠭᠡ ᠶᠢᠨ ᠪᠢᠷᠵᠢ ᠳᠡᠭᠡᠷ᠎ᠡ ᠭᠠᠷᠭᠠᠬᠤ ᠪᠠᠶᠢᠷᠢ ᠰᠠᠭᠤᠷᠢ ᠪᠠᠨ ᠵᠠᠰᠠᠭ ᠤᠨ ᠭᠠᠵᠠᠷ ᠲᠤ ᠲᠠᠨᠢᠯᠴᠠᠭᠤᠯᠤᠭᠰᠠᠨ ᠭᠡᠵᠡᠢ᠃ ᠲᠡᠶᠢᠮᠦ ᠡᠴᠡ ᠥᠬᠢᠨ ᠺᠣᠮᠫᠠᠨᠢ ᠪᠠᠶᠢᠭᠤᠯᠵᠤ᠂ ᠲᠡᠭᠦᠨ ᠦ ᠪᠦᠲᠦᠴᠡ ᠤᠳᠤᠷᠢᠳᠤᠯᠭ᠎ᠠ ᠶᠢ ᠶᠠᠭᠠᠷᠠᠯᠲᠠᠢ ᠲᠣᠮᠢᠯᠠᠬᠤ ᠶᠢ ᠰᠠᠯᠪᠤᠷᠢ ᠶᠢᠨ ᠰᠠᠶᠢᠳ ᠲᠤ ᠨᠢ ᠡᠭᠦᠷᠭᠡ ᠪᠣᠯᠭᠠᠭᠠᠳ ᠪᠤᠢ᠃ ᠲᠤᠰ ᠥᠬᠢᠨ ᠺᠣᠮᠫᠠᠨᠢ ᠶᠢ ᠬᠡᠨ ᠤᠳᠤᠷᠢᠳᠬᠤ᠂ ᠦᠢᠯᠡ ᠠᠵᠢᠯᠯᠠᠭ᠎ᠠ ᠬᠡᠵᠢᠶᠡᠨ ᠡᠴᠡ ᠡᠬᠢᠯᠡᠬᠦ ᠲᠠᠯ᠎ᠠ ᠪᠠᠷ ᠣᠳᠣ ᠪᠠᠷ ᠶᠠᠮᠠᠷ ᠨᠢᠭᠡ ᠰᠢᠢᠳᠪᠦᠷᠢ ᠭᠠᠷᠤᠭ᠎ᠠ ᠦᠭᠡᠢ ᠴᠤ ᠬ∙ᠨᠠᠷᠠᠨᠬᠦᠦ ᠲᠣᠮᠢᠯᠠᠭᠳᠠᠵᠤ ᠮᠠᠭᠠᠳ ᠦᠭᠡᠢ ᠭᠡᠰᠡᠨ ᠪᠣᠷᠣ ᠰᠢᠪᠠᠭᠤ ᠵᠠᠷᠢᠮ ᠬᠡᠪᠯᠡᠯ ᠢᠶᠡᠷ ᠶᠠᠪᠤᠵᠤ ᠪᠤᠢ᠃ ᠭᠡᠪᠡᠴᠦ ᠠᠯᠪᠠᠨ ᠤ ᠬᠢᠨ ᠤ ᠬᠡᠯᠡᠭᠰᠡᠨ ᠢᠶᠡᠷ ᠠᠯᠪᠠᠨ ᠶᠣᠰᠣᠭᠠᠷ ᠲᠥᠯᠥᠭᠡᠯᠡᠨ ᠤᠳᠤᠷᠢᠳᠬᠤ ᠵᠥᠪᠯᠡᠯ ᠠᠴᠠ IPO ᠭᠠᠷᠭᠠᠬᠤ ᠥᠬᠢᠨ ᠺᠣᠮᠫᠠᠨᠢ ᠶᠢᠨ ᠤᠳᠤᠷᠢᠳᠤᠯᠭ᠎ᠠ ᠶᠢ ᠲᠣᠮᠢᠯᠠᠭ᠎ᠠ ᠦᠭᠡᠢ ᠭᠡᠳᠡᠭ ᠢ ᠬᠡᠯᠡᠯ᠎ᠡ᠃

ᠰᠡᠳᠬᠢᠭᠳᠡᠯ ᠦᠯᠡᠳᠡᠭᠡᠬᠦ