Coal Mongolia-2019 ᠴᠢᠭᠤᠯᠭᠠᠨ ᠪᠤᠯᠤᠨ᠎ᠠ  | News.MN

Coal Mongolia-2019 ᠴᠢᠭᠤᠯᠭᠠᠨ ᠪᠤᠯᠤᠨ᠎ᠠ 

ᠮᠣᠩᠭᠣᠯ ᠤᠯᠤᠰ ᠤᠨ ᠨᠡᠭᠦᠷᠡᠰᠦᠨ ᠦ ᠰᠠᠯᠪᠤᠷᠢ ᠳᠤ ᠬᠥᠷᠥᠩᠭᠡ ᠣᠷᠣᠭᠤᠯᠤᠯᠲᠠ ᠲᠠᠲᠠᠬᠤ᠂ ᠰᠢᠨ᠎ᠡ ᠲᠧᠭᠨᠢᠭ ᠲᠧᠭᠨᠣᠯᠣᠭᠢ ᠨᠡᠪᠲᠡᠷᠡᠭᠦᠯᠬᠦ᠂ ᠨᠡᠭᠦᠷᠡᠰᠦᠨ ᠦ ᠡᠺᠰᠫᠣᠷᠲ᠂ ᠬᠤᠳᠠᠯᠳᠤᠭ᠎ᠠ ᠶᠢ ᠰᠠᠶᠢᠵᠢᠷᠠᠭᠤᠯᠬᠤ ᠵᠣᠷᠢᠯᠭ᠎ᠠ ᠪᠠᠷ Coal Mongolia-2019 ᠴᠢᠭᠤᠯᠭᠠᠨ ᠢ 2011 ᠣᠨ ᠠᠴᠠ ᠭᠯᠣᠵᠧᠺᠰ ᠺᠤᠨᠰᠠᠯᠲ᠋ᠢᠨ ᠺᠣᠮᠫᠠᠨᠢ ᠵᠣᠬᠢᠶᠠᠨ ᠪᠠᠶᠢᠭᠤᠯᠵᠤ ᠢᠷᠡᠭᠰᠡᠨ᠃ ᠲᠡᠭᠡᠪᠡᠯ ᠡᠨᠡ ᠵᠢᠯ ᠡᠴᠡ ᠲᠤᠰ ᠴᠢᠭᠤᠯᠭ᠎ᠠ ᠠᠭᠤᠯᠵᠠᠯᠲᠠ ᠶᠢ  ︽ᠮᠣᠩᠭᠣᠯ ᠨᠡᠭᠦᠷᠡᠰᠦ ᠠᠰᠰᠤᠼᠢᠶᠠᠼ︾ ᠵᠣᠬᠢᠶᠠᠨ ᠪᠠᠶᠢᠭᠤᠯᠬᠤ ᠪᠠᠷ ᠪᠣᠯᠵᠠᠢ᠃ ᠠᠽᠢᠶ᠎ᠠ ᠶᠢᠨ ᠵᠠᠬ᠎ᠠ ᠵᠡᠭᠡᠯᠢ ᠳᠦ ᠮᠣᠩᠭᠣᠯ ᠤᠨ ᠨᠡᠭᠦᠷᠡᠰᠦᠨ ᠦ ᠰᠠᠯᠪᠤᠷᠢ ᠶᠢᠨ ᠦᠷᠢᠰᠦᠯᠳᠦᠬᠦ ᠴᠢᠳᠠᠪᠤᠷᠢ ᠶᠢ ᠪᠡᠬᠢᠵᠢᠭᠦᠯᠬᠦ ᠶᠢᠰᠦᠳᠡᠬᠢ ᠤᠳᠠᠭ᠎ᠠ ᠶᠢᠨ ᠴᠢᠭᠤᠯᠭ᠎ᠠ ᠠᠭᠤᠯᠵᠠᠯᠲᠠ ᠪᠠᠷ ᠠᠩᠬ᠎ᠠ ᠤᠳᠠᠭ᠎ᠠ ᠪᠥᠰᠡ ᠨᠤᠲᠤᠭ ᠤᠨ ᠬᠠᠷᠢᠯᠴᠠᠭ᠎ᠠ᠂ ᠣᠷᠣᠨ ᠨᠤᠲᠤᠭ ᠤᠨ ᠬᠠᠮᠲᠤ ᠶᠢᠨ ᠠᠵᠢᠯᠯᠠᠭ᠎ᠠ ᠶᠢ ᠬᠡᠯᠡᠯᠴᠡᠬᠦ ᠠᠵᠠᠢ᠃ ᠬᠡᠯᠡᠯᠴᠡᠭᠦᠯᠭᠡ ᠳᠦ ᠡᠮᠦᠨᠡᠭᠣᠪᠢ ᠠᠶᠢᠮᠠᠭ ᠪᠣᠯᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠠᠶᠢᠮᠠᠭ ᠤᠨ ᠤᠳᠤᠷᠢᠳᠤᠯᠭ᠎ᠠ ᠨᠤᠭᠤᠳ ᠤᠷᠤᠯᠴᠠᠬᠤ ᠶᠤᠮ᠃ ᠲᠡᠳᠡᠨ ᠡᠴᠡ ᠭᠠᠳᠠᠨ᠎ᠠ ᠬᠣᠶᠠᠷ ᠤᠯᠤᠰ ᠤᠨ ᠬᠢᠯᠢ ᠭᠠᠶᠢᠯᠢ ᠶᠢᠨ ᠪᠠᠶᠢᠭᠤᠯᠤᠯᠭ᠎ᠠ ᠶᠢᠨ ᠲᠥᠯᠥᠭᠡᠯᠡᠯ᠂ ᠠᠭᠤᠷᠬᠠᠢ᠂ ᠲᠡᠭᠡᠭᠡᠪᠦᠷᠢ ᠶᠢᠨ ᠺᠣᠮᠫᠠᠨᠢ ᠨᠤᠭᠤᠳ ᠤᠨ ᠵᠠᠬᠢᠷᠤᠯ ᠤᠳ ᠨᠡᠭᠡᠭᠡᠯᠲᠡ ᠲᠡᠢ ᠬᠡᠯᠡᠯᠴᠡᠭᠦᠯᠭᠡ ᠥᠷᠨᠢᠭᠦᠯᠬᠦ ᠪᠡᠷ ᠪᠣᠯᠤᠭᠰᠠᠨ ᠢ ︽ᠮᠣᠩᠭᠣᠯ ᠨᠡᠭᠦᠷᠡᠰᠦ ᠠᠰᠰᠤᠼᠢᠶᠠᠼ︾ ᠍ ᠦᠨ ᠭᠦᠢᠴᠡᠳᠭᠡᠬᠦ ᠵᠠᠬᠢᠷᠤᠯ ᠵ∙ᠵᠣᠯᠵᠢᠷᠭᠠᠯ ᠬᠡᠯᠡᠯ᠎ᠡ᠃

ᠰᠡᠳᠬᠢᠭᠳᠡᠯ ᠦᠯᠡᠳᠡᠭᠡᠬᠦ