Discovery Channel ᠪᠠᠷᠢᠮᠲᠠᠲᠤ ᠺᠢᠨᠣ᠋ ᠬᠢᠨ᠎ᠡ  | News.MN

Discovery Channel ᠪᠠᠷᠢᠮᠲᠠᠲᠤ ᠺᠢᠨᠣ᠋ ᠬᠢᠨ᠎ᠡ 

ᠠᠮᠧᠷᠢᠺᠠ ᠶᠢᠨ Discovery Channel ᠲᠸᠯᠸᠢᠰGrand Altai Travel ᠺᠣᠮᠫᠠᠨᠢ ᠲᠠᠢ ᠬᠠᠮᠲᠤᠷᠠᠵᠤ ᠪᠠᠶᠠᠨ-ᠥᠯᠥᠭᠡᠢ ᠠᠶᠢᠮᠠᠭ ᠲᠤ ᠶᠠᠪᠠᠭᠠᠨ ᠠᠶᠠᠯᠠᠯ ᠤᠨ ᠲᠤᠬᠠᠢ ᠪᠠᠷᠢᠮᠲᠠᠲᠤ ᠺᠢᠨᠣ᠋ ᠬᠢᠵᠦ ᠪᠠᠶᠢᠨ᠎ᠠ᠃ ᠤᠷᠠᠨ ᠪᠦᠲᠦᠭᠡᠯᠴᠢᠳ ᠰᠠᠶ᠋ᠢᠬᠠᠨ ᠲᠤᠰ ᠠᠶᠢᠮᠠᠭ ᠤᠨ ᠴᠡᠩᠭᠡᠯ ᠰᠤᠮᠤ ᠶᠢᠨ ᠨᠤᠲᠤᠭ ᠲᠤ ᠤᠷᠤᠰᠢᠬᠤ  ᠬᠤᠲᠤᠩ ᠨᠠᠭᠤᠷ ᠠᠴᠠ ᠰᠢᠪᠡᠭᠡᠲᠦ ᠬᠠᠶᠢᠷᠬᠠᠨ- ᠠᠯᠲᠠᠢ ᠲᠠᠪᠤᠨᠪᠤᠭᠳᠠ- ᠪᠠᠭ᠎ᠠ ᠣᠶᠢᠭᠣᠷ ᠴᠢᠭᠯᠡᠯ ᠳᠦ 110 ᠺᠢᠯᠣᠮᠧᠲ᠋ᠷ ᠶᠠᠪᠠᠭᠠᠨ ᠠᠶᠠᠯᠠᠯ ᠬᠢᠵᠡᠢ᠃ ᠵᠠᠮ ᠳᠤ ᠪᠠᠨ ᠣᠷᠣᠨ ᠨᠤᠲᠤᠭ ᠤᠨ ᠢᠷᠭᠡᠳ ᠦᠨ ᠠᠵᠤ ᠠᠮᠢᠳᠤᠷᠠᠯ᠂ ᠵᠠᠩ ᠵᠠᠩᠰᠢᠯ᠂ ᠰᠤᠶᠤᠯ ᠲᠠᠢ ᠲᠠᠨᠢᠯᠴᠠᠵᠤ ᠺᠢᠨᠣᠨ ᠤ ᠵᠢᠷᠤᠭ ᠠᠪᠤᠭᠰᠠᠨ ᠠᠵᠠᠢ ᠃ ᠢᠷᠡᠬᠦ 10 ᠳ᠋ᠤᠭᠠᠷ ᠰᠠᠷ᠎ᠠ ᠳᠤ ᠪᠣᠯᠬᠤ ︽ᠪᠦᠷᠭᠦᠳ ᠦᠨ  ᠪᠠᠶᠠᠷ︾ ᠲᠤ ᠳᠠᠬᠢᠨ ᠢᠷᠡᠵᠦ ᠵᠢᠷᠤᠭ ᠠᠪᠤᠨ᠎ᠠ᠃
ᠠᠶᠠᠯᠠᠯ ᠤᠨ ᠶᠠᠪᠤᠴᠠ ᠳᠤ ᠴᠤᠭᠯᠠᠭᠤᠯᠤᠭᠰᠠᠨ ᠪᠠᠷᠢᠮᠲᠠ᠂ ᠮᠡᠳᠡᠭᠡᠯᠡᠯ ᠢ ᠦᠨᠳᠦᠰᠦᠯᠡᠨ ︽ᠪᠠᠷᠠᠭᠤᠨ ᠮᠣᠩᠭᠣᠯ ᠳᠤ ᠶᠠᠪᠠᠭᠠᠨ ᠠᠶᠠᠯᠠᠯ ᠬᠢᠬᠦ ᠨᠢ︾ ᠰᠡᠳᠦᠪᠲᠦ ᠪᠠᠷᠢᠮᠲᠠᠲᠤ ᠺᠢᠨᠣ᠋ ᠪᠦᠲᠦᠭᠡᠬᠦ ᠪᠥᠭᠡᠳ 2020 ᠣᠨ ᠤ 10 ᠳ᠋ᠤᠭᠠᠷ ᠰᠠᠷ᠎ᠠ ᠳᠤ ᠲᠸᠯᠸᠢᠰ ᠦᠨ ᠳᠡᠯᠭᠡᠴᠡᠨ ᠳᠤ ᠭᠠᠷᠭᠠᠬᠤ ᠠᠵᠡᠢ᠃  ᠲᠤᠰ ᠺᠢᠨᠣ᠋ ᠣᠯᠠᠨ ᠤ ᠬᠦᠷᠲᠡᠭᠡᠯ ᠪᠣᠯᠤᠭᠰᠠᠨ ᠢᠶᠠᠷ ᠮᠣᠩᠭᠣᠯ ᠤᠯᠤᠰ ᠤᠨ ᠭᠠᠳᠠᠭᠠᠳᠤ ᠰᠤᠷᠲᠠᠯᠴᠢᠯᠠᠭᠠᠨ ᠳᠤ ᠲᠣᠮᠣᠬᠠᠨ ᠬᠤᠪᠢ ᠨᠡᠮᠡᠷᠢ ᠪᠣᠯᠤᠨ᠎ᠠ ᠭᠡᠳᠡᠭ ᠢ ᠠᠶᠠᠯᠠᠯ ᠵᠢᠭᠤᠯᠴᠢᠯᠠᠯ ᠤᠨ ᠰᠠᠯᠪᠤᠷᠢ ᠶᠢᠨ ᠬᠦᠮᠦᠰ ᠣᠨᠴᠠᠯᠠᠪᠠ᠃

ᠰᠡᠳᠬᠢᠭᠳᠡᠯ ᠦᠯᠡᠳᠡᠭᠡᠬᠦ