ᠬ∙ᠪᠣᠯᠣᠷᠲᠤᠶᠠᠭ᠎ᠠ ᠠᠯᠲᠠᠨ ᠮᠧᠳᠠᠯ ᠬᠦᠷᠲᠡᠯ᠎ᠡ  | News.MN

ᠬ∙ᠪᠣᠯᠣᠷᠲᠤᠶᠠᠭ᠎ᠠ ᠠᠯᠲᠠᠨ ᠮᠧᠳᠠᠯ ᠬᠦᠷᠲᠡᠯ᠎ᠡ 

ᠤᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠤᠨ ᠬᠠᠷᠢᠶ᠎ᠠ ᠂ ︽ᠠᠪᠤᠷᠠᠭᠴᠢ︾ ᠪᠡᠶ᠎ᠡ ᠶᠢᠨ ᠲᠠᠮᠢᠷ ᠲᠧᠭᠨᠢᠭ ᠰᠫᠣᠷᠲ ᠤᠨ ᠬᠣᠷᠢᠶᠠᠨ ᠤ ᠲᠠᠮᠢᠷᠴᠢᠨ ᠬ∙ᠪᠣᠯᠣᠷᠲᠤᠶᠠᠭ᠎ᠠ ᠴᠢᠯᠦᠭᠡᠲᠦ ᠪᠥᠬᠡ ᠶᠢᠨ A ᠵᠡᠷᠭᠡᠯᠡᠯ ᠦᠨ ᠫᠤᠯᠱᠠ ᠶᠢᠨ ᠨᠡᠭᠡᠭᠡᠯᠲᠡ ᠲᠡᠢ ᠲᠡᠮᠡᠴᠡᠭᠡᠨ ᠡᠴᠡ 65 ᠺᠢᠯᠦᠭᠷᠡᠮ ᠦᠨ ᠵᠢᠩ ᠳᠦ ᠠᠪᠤᠷᠭᠤ ᠶᠢᠨ ᠠᠯᠲᠠᠨ ᠮᠧᠳᠠᠯ ᠬᠦᠷᠲᠡᠯ᠎ᠡ᠃ ᠲᠡᠮᠡᠴᠡᠭᠡᠨ ᠳᠦ ᠮᠣᠩᠭᠣᠯ ᠤᠯᠤᠰ ᠠᠴᠠ ᠴᠢᠯᠦᠭᠡᠲᠦ ᠪᠥᠬᠡ ᠶᠢᠨ ᠰᠢᠭᠰᠢᠭᠡ ᠪᠠᠭ ᠤᠨ 10 ᠲᠠᠮᠢᠷᠴᠢᠨ ᠣᠷᠣᠯᠴᠠᠵᠤ᠂ ᠬᠣᠶᠠᠷ ᠠᠯᠲᠠ᠂ ᠨᠢᠭᠡ ᠮᠥᠩᠭᠥ᠂ ᠬᠣᠶᠠᠷ ᠬᠦᠷᠡᠯ ᠮᠧᠳᠠᠯ ᠬᠦᠷᠲᠡᠵᠦ᠂ ᠪᠠᠭ ᠤᠨ ᠳ᠋ᠦᠩ ᠢᠶᠡᠷ ᠭᠤᠷᠪᠠᠳᠤᠭᠠᠷ ᠪᠠᠶᠢᠷᠢ ᠡᠵᠡᠯᠡᠭᠰᠡᠨ ᠪᠠᠶᠢᠨ᠎ᠠ᠃
ᠲᠡᠮᠡᠴᠡᠭᠡᠨ ᠡᠨᠡ ᠰᠠᠷ᠎ᠠ ᠶᠢᠨ 02-04  ᠳᠤ ᠵᠣᠬᠢᠶᠠᠨ ᠪᠠᠶᠢᠭᠤᠯᠤᠭᠳᠠᠭᠰᠠᠨ ᠪᠥᠭᠡᠳ ᠣᠷᠣᠰ ᠂  ᠺᠠᠨᠠᠳᠠ᠂ ᠫᠤᠯᠱᠠ᠂ ᠤᠩᠭᠠᠷᠢ᠂ ᠢᠰᠫᠠᠨᠢ᠂  ᠦᠺᠷᠡᠶᠢᠨ᠂ ᠮᠣᠩᠭᠣᠯ ᠵᠡᠷᠭᠡ 10 ᠭᠠᠷᠤᠢ ᠣᠷᠣᠨ ᠤ ᠲᠠᠮᠢᠷᠴᠢᠳ ᠣᠷᠣᠯᠴᠠᠵᠤ᠂ ᠠᠪᠤᠷᠭᠤ ᠨᠤᠭᠤᠳ ᠢᠶᠠᠨ ᠰᠢᠯᠭᠠᠷᠠᠭᠤᠯᠤᠭᠰᠠᠨ ᠶᠤᠮ ᠃

ᠰᠡᠳᠬᠢᠭᠳᠡᠯ ᠦᠯᠡᠳᠡᠭᠡᠬᠦ