ᠠᠪᠯᠢᠭ᠎ᠠ ᠲᠠᠢ ᠲᠡᠮᠡᠴᠡᠬᠦ ᠭᠠᠵᠠᠷ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠪᠠᠲᠤᠯᠠᠨ ᠬᠠᠮᠠᠭᠠᠯᠠᠬᠤ ᠪᠣᠳᠣᠯᠭ᠎ᠠ᠂ ᠠᠶᠤᠯᠭᠦᠢ ᠪᠠᠶᠢᠳᠠᠯ ᠤᠨ ᠠᠰᠠᠭᠤᠳᠠᠯ ᠬᠠᠷᠢᠭᠤᠴᠠᠭᠰᠠᠨ ᠵᠥᠪᠯᠡᠬᠦ ᠪᠡᠷ ᠠᠵᠢᠯᠯᠠᠵᠤ ᠪᠠᠶᠢᠭ᠎ᠠ ᠳᠡᠰᠯᠡᠭᠴᠢ ᠭᠧᠨᠧᠷᠠᠯ ᠳ ∙ᠳᠠᠸᠠ ᠶᠢ ᠰᠢᠯᠭᠠᠵᠤ ᠡᠬᠢᠯᠡᠵᠡᠢ᠃ ᠲᠡᠭᠦᠨ ᠢ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠪᠠᠷ ᠠᠵᠢᠯᠯᠠᠵᠤ ᠪᠠᠶᠢᠬᠤ ᠳᠤ ᠪᠠᠨ ᠲᠡᠳᠬᠦᠪᠦᠷᠢ ᠳᠦ ᠭᠠᠷᠤᠭᠰᠠᠨ ᠳᠡᠰᠯᠡᠭᠴᠢ ᠭᠧᠨᠧᠷᠠᠯ ᠼ∙ᠪᠢᠮᠪᠠᠵᠠᠪ ᠢ ᠡᠷᠳᠡᠮ ᠰᠢᠨᠵᠢᠯᠡᠭᠡᠨ ᠦ ᠠᠵᠢᠯᠲᠠᠨ ᠢᠶᠠᠷ ᠵᠡᠪᠰᠡᠭᠲᠦ ᠬᠦᠴᠦᠨ ᠦ 311 ᠳ᠋ᠤᠭᠡᠷ ᠠᠩᠭᠢ ᠪᠤᠶᠤ ᠡᠩᠬᠡ ᠶᠢ ᠳᠡᠮᠵᠢᠬᠦ ᠠᠵᠢᠯᠯᠠᠭᠠᠨ ᠤ ᠰᠤᠷᠭᠠᠯᠲᠠ ᠶᠢᠨ ᠲᠥᠪ ᠲᠦ ᠠᠵᠢᠯᠯᠠᠭᠤᠯᠵᠤ᠂ ᠰᠤᠯᠠ ᠴᠠᠯᠢᠩ ᠣᠯᠭᠤᠵᠤ ᠪᠠᠶᠢᠭᠰᠠᠨ ᠭᠡᠬᠦ ᠠᠰᠠᠭᠤᠳᠠᠯ ᠳᠤ ᠬᠣᠯᠪᠣᠭᠳᠠᠭᠤᠯᠵᠤ ᠰᠢᠯᠭᠠᠵᠤ ᠪᠤᠢ ᠲᠤᠬᠠᠢ ︽ᠥᠨᠥᠳᠥᠷ︾ ᠰᠣᠨᠢᠨ ᠥᠨᠥᠳᠥᠷ ᠦᠨ ᠳ᠋ᠤᠭᠠᠷ ᠲᠤ ᠪᠠᠨ ᠮᠡᠳᠡᠭᠡᠯᠡᠵᠡᠢ᠃
ᠼ∙ᠪᠢᠮᠪᠠᠵᠠᠪ ᠢ 2017 ᠣᠨ ᠤ ᠠᠷᠪᠠᠨ ᠨᠢᠭᠡᠳᠦᠭᠡᠷ ᠰᠠᠷ᠎ᠠ ᠳᠤ ᠳᠡᠭᠡᠷᠡᠬᠢ ᠠᠯᠪᠠᠨ ᠳᠤ ᠲᠣᠮᠢᠯᠠᠵᠤ ᠪᠠᠶᠢᠭᠰᠠᠨ ᠪᠥᠭᠡᠳ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠶᠢᠨ ᠡᠭᠦᠷᠭᠡ ᠶᠢ ᠲᠦᠷ ᠣᠷᠣᠯᠠᠨ ᠭᠦᠢᠴᠡᠳᠬᠡᠭᠴᠢ ᠪᠠᠶᠢᠭᠰᠠᠨ ᠬᠣᠰᠢᠭᠤᠴᠢ ᠷ∙ᠰᠦᠬᠡᠪᠠᠲᠤ ᠲᠤᠰᠢᠶᠠᠯ ᠭᠠᠷᠭᠠᠨ 2019 ᠣᠨ ᠤ ᠬᠣᠶᠠᠳᠤᠭᠠᠷ ᠰᠠᠷ᠎ᠠ ᠳᠤ ᠲᠡᠭᠦᠨ ᠢ ᠴᠢᠯᠦᠭᠡᠯᠡᠭᠰᠡᠨ ᠠᠵᠠᠢ᠃ ᠨᠡᠶᠢᠲᠡ ᠳᠦ ᠪᠡᠨ 12.2 ᠰᠠᠶ᠎ᠠ ᠭᠠᠷᠤᠢ ᠲᠥᠭᠥᠷᠢᠭ ᠦᠨ ᠰᠤᠯᠠ ᠴᠠᠯᠢᠩ ᠠᠪᠤᠭᠰᠠᠨ ᠭᠡᠬᠦ ᠭᠣᠮᠣᠳᠠᠯ ᠠᠪᠯᠢᠭ᠎ᠠ ᠲᠠᠢ ᠲᠡᠮᠡᠴᠡᠬᠦ ᠭᠠᠵᠠᠷ ᠲᠤ ᠢᠷᠡᠭᠰᠡᠨ ᠢᠶᠡᠷ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠬᠣᠯᠪᠣᠭᠳᠠᠬᠤ ᠠᠯᠪᠠᠨ ᠲᠤᠰᠢᠶᠠᠯᠲᠠᠳ ᠠᠴᠠ ᠲᠠᠶᠢᠯᠪᠤᠷᠢ ᠮᠡᠳᠡᠭᠦᠯᠭᠡ ᠠᠪᠬᠤ ᠪᠣᠯᠵᠤ᠂ ᠤᠯᠠᠮ ᠢᠶᠠᠷ ᠳ∙ᠳᠠᠸᠠ ᠶᠢ ᠰᠢᠯᠭᠠᠬᠤ ᠪᠣᠯᠵᠠᠢ᠃