ᠧᠦ᠋ᠷᠣᠫᠠ ᠶᠢᠨ ᠬᠣᠯᠪᠣᠭᠠᠨ ᠤ ᠲᠥᠰᠥᠯ ᠬᠡᠷᠡᠭᠵᠢᠵᠦ ᠡᠬᠢᠯᠡᠯ᠎ᠡ  | News.MN

ᠧᠦ᠋ᠷᠣᠫᠠ ᠶᠢᠨ ᠬᠣᠯᠪᠣᠭᠠᠨ ᠤ ᠲᠥᠰᠥᠯ ᠬᠡᠷᠡᠭᠵᠢᠵᠦ ᠡᠬᠢᠯᠡᠯ᠎ᠡ 

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠠᠵᠤ ᠦᠢᠯᠡᠳᠪᠦᠷᠢ ᠶᠢᠨ ᠬᠥᠭᠵᠢᠯ ᠦᠨ ᠪᠠᠶᠢᠭᠤᠯᠤᠯᠭ᠎ᠠ ᠠᠴᠠ  ᠬᠦᠨᠡᠰᠦ ᠬᠦᠳᠡᠭᠡ ᠠᠵᠤ ᠠᠬᠤᠢ ᠬᠦᠩᠭᠡᠨ ᠦᠢᠯᠡᠳᠪᠤᠷᠢ ᠶᠢᠨ ᠶᠠᠮᠤᠨ ᠪᠣᠯᠤᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠦᠨᠡᠰᠦ ᠬᠦᠳᠡᠭᠡ ᠠᠵᠤ ᠠᠬᠤᠢ ᠶᠢᠨ ᠪᠠᠶᠢᠭᠤᠯᠤᠯᠭ᠎ᠠ  ᠲᠠᠢ ᠬᠠᠮᠲᠤᠷᠠᠨ  ︽ᠮᠣᠩᠭᠣᠯ ᠤᠯᠤᠰ ᠲᠤ ᠬᠥᠳᠡᠯᠮᠦᠷᠢ ᠡᠷᠬᠢᠯᠡᠯᠲᠡ ᠶᠢ ᠳᠡᠮᠵᠢᠬᠦ ︾ ᠲᠥᠰᠥᠯ ᠢ ᠧᠦ᠋ᠷᠣᠫᠠ ᠶᠢᠨ ᠬᠣᠯᠪᠣᠭᠠᠨ ᠤ  ᠰᠠᠩᠬᠦᠦᠵᠢᠯᠲᠡ ᠪᠡᠷ ᠬᠡᠷᠡᠭᠵᠢᠭᠦᠯᠵᠦ ᠪᠠᠶᠢᠨ᠎ᠠ᠃ ᠲᠥᠰᠥᠯ ᠦᠨ ᠬᠦᠷᠢᠶᠡᠨ ᠳᠦ ᠬᠣᠪᠳᠣ ᠠᠶᠢᠮᠠᠭ ᠤᠨ  ︽ᠠᠯᠲᠠᠢ ᠶᠢᠨ ᠠᠭᠤᠯᠠᠰ ᠤᠨ ᠣᠷᠭᠢᠯ ︾ ᠮᠠᠯᠴᠢᠳ ᠤᠨ ᠳᠤᠮᠳᠠ ᠶᠢᠨ ᠬᠣᠷᠰᠢᠶ᠎ᠠ ᠲᠠᠢ ᠬᠠᠮᠲᠤᠷᠠᠨ ᠵᠢᠷᠭᠤᠳᠤᠭᠠᠷ ᠰᠠᠷ᠎ᠠ ᠠᠴᠠ ᠡᠬᠢᠯᠡᠨ ︽ᠬᠣᠨᠢᠨ ᠤ ᠨᠣᠣᠰᠣᠨ ᠤ ᠴᠢᠨᠠᠷ ᠰᠠᠶᠢᠵᠢᠷᠠᠭᠤᠯᠬᠤ︾ ᠳᠡᠳ᠋ ᠲᠥᠰᠥᠯ ᠢ ᠬᠡᠷᠡᠭᠵᠢᠭᠦᠯᠵᠦ ᠡᠬᠢᠯᠡᠭᠰᠡᠨ᠃ ᠲᠥᠰᠥᠯ ᠦᠨ ᠬᠦᠷᠢᠶᠡᠨ ᠳᠦ ᠣᠷᠣᠨ ᠨᠤᠲᠤᠭ ᠤᠨ ᠵᠠᠯᠠᠭᠤᠴᠤᠳ ᠤᠨ ᠬᠥᠳᠡᠯᠮᠦᠷᠢ ᠡᠷᠬᠢᠯᠡᠯᠲᠡ ᠶᠢ ᠳᠡᠮᠵᠢᠵᠦ᠂ ᠠᠵᠢᠯ ᠤᠨ ᠪᠠᠶᠢᠷᠢ ᠶᠢ ᠨᠡᠮᠡᠭᠳᠡᠭᠦᠯᠬᠦ᠂ ᠮᠢᠬ᠎ᠠ᠂ ᠮᠢᠬᠠᠨ ᠪᠦᠲᠦᠭᠡᠭᠳᠡᠬᠦᠨ᠂ ᠠᠷᠠᠰᠤ ᠰᠢᠷᠢ ᠪᠣᠯᠪᠠᠰᠤᠷᠠᠭᠤᠯᠬᠤ᠂ ᠲᠡᠵᠢᠭᠡᠯ ᠦᠨ ᠦᠢᠯᠡᠳᠪᠦᠷᠢ ᠪᠠᠶᠢᠭᠤᠯᠬᠤ ᠳᠤ ᠳᠡᠮᠵᠢᠯᠭᠡ ᠦᠵᠡᠭᠦᠯᠬᠦ ᠵᠡᠷᠭᠡ ᠬᠥᠳᠡᠭᠡ᠂ ᠠᠵᠤ ᠠᠬᠤᠢ ᠶᠢᠨ ᠴᠢᠭᠯᠡᠯ ᠢᠶᠡᠷ ᠴᠠᠭᠠᠰᠢᠳᠠ ᠬᠡᠷᠬᠢᠨ ᠬᠠᠮᠲᠤᠷᠠᠵᠤ ᠠᠵᠢᠯᠯᠠᠬᠤ ᠲᠠᠯ᠎ᠠ ᠪᠠᠷ ᠰᠠᠨᠠᠯ ᠰᠣᠯᠢᠯᠴᠠᠵᠤ᠂ ᠧᠦ᠋ᠷᠣᠫᠠ ᠶᠢᠨ ᠬᠣᠯᠪᠣᠭᠠᠨ ᠤ ᠬᠥᠷᠥᠩᠭᠡ ᠣᠷᠣᠭᠤᠯᠤᠯᠲᠠ ᠶᠢᠨ ᠰᠲᠷᠠᠲ᠋ᠧᠭᠢ ᠲᠥᠯᠦᠪᠯᠡᠭᠡᠨ ᠳᠦ ᠲᠤᠰᠬᠠᠭᠤᠯᠬᠤ ᠲᠥᠰᠥᠯ ᠦᠨ ᠰᠠᠨᠠᠯ ᠢ ᠢᠯᠡᠭᠡᠬᠦ ᠪᠡᠷ ᠪᠣᠯᠤᠯ᠎ᠠ᠃

ᠰᠡᠳᠬᠢᠭᠳᠡᠯ ᠦᠯᠡᠳᠡᠭᠡᠬᠦ