ᠳᠠᠷᠬᠠᠨ᠂ ᠨᠠᠯᠠᠶᠢᠬᠤ ᠶᠢᠨ ᠵᠠᠮ ᠤᠨ ᠠᠵᠢᠯ ᠲᠠᠢ ᠲᠠᠨᠢᠯᠴᠠᠬᠤ ᠶᠢ ᠬᠦᠰᠡᠯ᠎ᠡ  | News.MN

ᠳᠠᠷᠬᠠᠨ᠂ ᠨᠠᠯᠠᠶᠢᠬᠤ ᠶᠢᠨ ᠵᠠᠮ ᠤᠨ ᠠᠵᠢᠯ ᠲᠠᠢ ᠲᠠᠨᠢᠯᠴᠠᠬᠤ ᠶᠢ ᠬᠦᠰᠡᠯ᠎ᠡ 

ᠣᠶᠢᠷ᠎ᠠ ᠶᠢᠨ ᠡᠳᠦᠷ ᠦᠳ ᠲᠦ ᠶᠡᠬᠡ ᠬᠡᠮᠵᠢᠶᠡᠨ ᠦ ᠤᠰᠤᠷᠬᠠᠭ ᠪᠣᠷᠣᠭ᠎ᠠ ᠣᠷᠣᠭᠰᠠᠨ ᠤ ᠤᠯᠠᠮ ᠠᠴᠠ ᠬᠣᠲᠠ ᠬᠣᠭᠣᠷᠣᠨᠳᠣ ᠪᠣᠯᠤᠨ ᠬᠣᠲᠠ ᠶᠢᠨ ᠭᠤᠳᠤᠮᠵᠢ ᠂ ᠵᠠᠮ ᠲᠠᠯᠠᠪᠠᠢ ᠡᠪᠳᠡᠷᠡᠵᠦ ᠂ ᠲᠡᠭᠡᠭᠡᠪᠦᠷᠢ ᠶᠢᠨ ᠬᠡᠷᠡᠭᠰᠡᠯ ᠵᠣᠷᠴᠢᠬᠤ ᠪᠣᠯᠤᠮᠵᠢ ᠦᠭᠡᠢ ᠪᠣᠯᠵᠤ᠂ ᠵᠠᠷᠢᠮ ᠴᠢᠭᠯᠡᠯ ᠦᠨ ᠠᠦ᠋ᠲ᠋ᠣ᠋ ᠵᠠᠮ ᠢ ᠬᠠᠭᠠᠬᠤ ᠬᠦᠷᠲᠡᠯ᠎ᠡ ᠠᠷᠭ᠎ᠠ ᠬᠡᠮᠵᠢᠶ᠎ᠡ ᠠᠪᠴᠤ᠂ ᠠᠵᠢᠯᠯᠠᠵᠤ ᠪᠠᠶᠢᠭ᠎ᠠ ᠪᠢᠯᠡ᠃ ᠡᠶᠢᠮᠦ ᠡᠴᠡ ᠠᠦ᠋ᠲ᠋ᠣ᠋ ᠵᠠᠮ ᠤᠨ ᠰᠠᠯᠪᠤᠷᠢ ᠳᠤ ᠬᠡᠷᠡᠭᠵᠢᠵᠦ ᠪᠤᠢ ᠲᠥᠰᠥᠯ᠂ ᠠᠷᠭ᠎ᠠ ᠬᠡᠮᠵᠢᠶᠡᠨ ᠦ ᠪᠡᠶᠡᠯᠡᠯᠲᠡ ᠶᠢᠨ ᠶᠠᠪᠤᠴᠠ ᠲᠠᠢ ᠲᠠᠨᠢᠯᠴᠠᠬᠤ ᠲᠤᠬᠠᠢ ᠵᠠᠮ ᠲᠡᠭᠡᠭᠡᠪᠦᠷᠢ ᠶᠢᠨ ᠬᠥᠭᠵᠢᠯ ᠦᠨ  ᠶᠠᠮᠤᠨ ᠤ ᠰᠠᠶᠢᠳ ᠪ∙ᠡᠩᠬᠡ-ᠠᠮᠤᠭᠤᠯᠠᠩ ᠳᠤ ᠤᠯᠤᠰ ᠤᠨ ᠶᠡᠬᠡ ᠬᠤᠷᠠᠯ ᠳ᠋ᠡᠬᠢ ᠠᠷᠠᠳᠴᠢᠯᠠᠭᠰᠠᠨ ᠨᠠᠮ ᠤᠨ ᠵᠥᠪᠯᠡᠯ ᠡᠴᠡ ᠠᠯᠪᠠᠨ ᠬᠦᠰᠡᠯᠲᠡ ᠬᠦᠷᠭᠡᠭᠦᠯᠵᠡᠢ᠃ ᠲᠣᠳᠣᠷᠠᠭᠤᠯᠪᠠᠯ᠄ ᠤᠯᠠᠭᠠᠨᠪᠠᠭᠠᠲᠤᠷ᠂ ᠳᠠᠷᠬᠠᠨ ᠴᠢᠭᠯᠡᠯ ᠪᠣᠯᠤᠨ ᠨᠠᠯᠠᠶᠢᠬᠤ ᠶᠢᠨ ᠠᠦ᠋ᠲ᠋ᠣ᠋ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠶᠠᠪᠤᠴᠠ ᠲᠠᠢ ᠲᠠᠨᠢᠯᠴᠠᠵᠤ᠂ ᠮᠡᠳᠡᠭᠡᠯᠡᠯ ᠠᠪᠬᠤ ᠱᠠᠭᠠᠷᠳᠠᠯᠭ᠎ᠠ ᠲᠠᠢ ᠪᠠᠶᠢᠭ᠎ᠠ ᠲᠤᠯᠠ ᠬᠣᠯᠪᠣᠭᠳᠠᠬᠤ ᠮᠡᠳᠡᠭᠡᠯᠡᠯ ᠢ ᠲᠥᠰᠥᠯ᠂ ᠠᠷᠭ᠎ᠠ ᠬᠡᠮᠵᠢᠶ᠎ᠡ ᠲᠤᠰ ᠪᠦᠷᠢ ᠪᠡᠷ ᠪᠡᠯᠡᠳᠬᠡᠵᠦ 2019 ᠣᠨ ᠤ 8 ᠳ᠋ᠤᠭᠠᠷ ᠰᠠᠷ᠎ᠠ ᠶᠢᠨ 9 ᠍ ᠦ ᠡᠳᠦᠷ ᠦᠨ ᠳᠣᠲᠣᠷ᠎ᠠ ᠤᠯᠤᠰ ᠤᠨ ᠶᠡᠬᠡ ᠬᠤᠷᠠᠯ ᠳ᠋ᠡᠬᠢ ᠠᠷᠠᠳᠴᠢᠯᠠᠭᠰᠠᠨ ᠨᠠᠮ ᠤᠨ ᠵᠥᠪᠯᠡᠯ ᠦᠨ ᠠᠵᠢᠯ ᠤᠨ ᠠᠯᠪᠠᠨ ᠳᠤ ᠢᠷᠡᠭᠦᠯᠵᠦ᠂ ᠵᠥᠪᠯᠡᠯ ᠦᠨ 2019 ᠣᠨ ᠤ 8 ᠳ᠋ᠤᠭᠠᠷ ᠰᠠᠷ᠎ᠠ ᠶᠢᠨ 12 ᠍ ᠤ ᠡᠳᠦᠷ ᠦᠨ ᠬᠤᠷᠠᠯᠳᠤᠭᠠᠨ ᠳᠤ ᠢᠷᠡᠵᠦ ᠲᠠᠨᠢᠯᠴᠠᠭᠤᠯᠤᠨ᠎ᠠ ᠤᠤ ᠭᠡᠵᠡᠢ᠃

ᠰᠡᠳᠬᠢᠭᠳᠡᠯ ᠦᠯᠡᠳᠡᠭᠡᠬᠦ