ᠰᠡᠯᠡᠩᠭᠡ ᠤᠯᠠᠭᠠᠨ-ᠦᠳᠡ ᠶᠢᠨ ᠰᠢᠨ᠎ᠡ ᠴᠢᠭᠯᠡᠯ ᠨᠡᠭᠡᠭᠡᠯ᠎ᠡ  | News.MN

ᠰᠡᠯᠡᠩᠭᠡ ᠤᠯᠠᠭᠠᠨ-ᠦᠳᠡ ᠶᠢᠨ ᠰᠢᠨ᠎ᠡ ᠴᠢᠭᠯᠡᠯ ᠨᠡᠭᠡᠭᠡᠯ᠎ᠡ 

︽ᠠᠦ᠋ᠲ᠋ᠣ᠋ ᠲᠡᠭᠡᠭᠡᠪᠦᠷᠢ ᠶᠢᠨ ᠦᠨᠳᠦᠰᠦᠨ ᠦ ᠲᠥᠪ︾ ᠲᠥᠷᠥ ᠶᠢᠨ ᠥᠮᠴᠢᠲᠤ ᠦᠢᠯᠡᠳᠪᠦᠷᠢ ᠶᠢᠨ ᠭᠠᠵᠠᠷ ᠠᠴᠠ ᠢᠷᠭᠡᠳ ᠦᠨ ᠡᠷᠢᠯᠲᠡ ᠬᠡᠷᠡᠭᠴᠡᠭᠡᠨ ᠳᠦ ᠨᠡᠶᠢᠴᠡᠭᠰᠡᠨ ᠦᠢᠯᠡᠴᠢᠯᠡᠭᠡ ᠶᠢ ᠬᠦᠷᠭᠡᠬᠦ ᠡᠭᠦᠳᠡᠨ ᠡᠴᠡ ᠰᠡᠯᠡᠩᠭᠡ ᠠᠶᠢᠮᠠᠭ ᠤᠨ ᠰᠦᠬᠡᠪᠠᠭᠠᠲᠤᠷ ᠰᠤᠮᠤ ᠠᠴᠠ ᠣᠷᠣᠰ ᠤᠨ ᠤᠯᠠᠭᠠᠨ-ᠦᠳᠡ ᠬᠣᠲᠠ ᠴᠢᠭᠯᠡᠯ ᠳᠦ ᠡᠨᠡ ᠰᠠᠷ᠎ᠠ ᠶᠢᠨ 9 ᠍ ᠦ ᠡᠳᠦᠷ ᠡᠴᠡ ᠵᠣᠷᠴᠢᠭᠴᠢᠳ ᠤᠨ ᠲᠣᠭᠲᠠᠮᠠᠯ ᠲᠡᠭᠡᠭᠡᠪᠦᠷᠢ ᠶᠢᠨ ᠦᠢᠯᠡᠴᠢᠯᠡᠭᠡ ᠶᠢ ᠡᠬᠢᠯᠡᠭᠦᠯᠬᠦ ᠪᠡᠷ ᠪᠣᠯᠵᠠᠢ᠃
ᠮᠣᠩᠭᠣᠯ ᠂ ᠣᠷᠣᠰ ᠤᠨ ᠵᠠᠰᠠᠭ ᠤᠨ ᠭᠠᠵᠠᠷ ᠬᠣᠭᠣᠷᠣᠨᠳᠣ ᠶᠢᠨ ᠬᠤᠳᠠᠯᠳᠤᠭ᠎ᠠ ᠡᠳ᠋  ᠦᠨ ᠵᠠᠰᠠᠭ᠂ ᠰᠢᠨᠵᠢᠯᠡᠬᠦ ᠤᠬᠠᠭᠠᠨ ᠲᠧᠭᠨᠢᠭ ᠦᠨ ᠬᠠᠮᠲᠤ ᠶᠢᠨ ᠠᠵᠢᠯᠯᠠᠭᠠᠨ ᠤ ᠲᠡᠭᠡᠭᠡᠪᠦᠷᠢ ᠶᠢᠨ ᠠᠵᠢᠯ ᠤᠨ ᠬᠡᠰᠡᠭ ᠦᠨ 14 ᠳ᠋ᠤᠭᠡᠷ ᠬᠤᠷᠠᠯᠳᠤᠭᠠᠨ ᠢᠶᠠᠷ ᠲᠣᠬᠢᠷᠠᠯᠴᠠᠭᠰᠠᠨ ᠤ ᠳᠠᠭᠠᠤ ᠡᠶᠢᠨ ᠬᠦ ᠤᠯᠤᠰ ᠬᠣᠭᠣᠷᠣᠨᠳᠣ ᠶᠢᠨ ᠰᠢᠨ᠎ᠡ ᠴᠢᠭᠯᠡᠯ ᠨᠡᠮᠡᠭᠳᠡᠵᠦ ᠪᠠᠶᠢᠭ᠎ᠠ ᠶᠤᠮ᠃ ᠲᠡᠭᠡᠭᠡᠪᠦᠷᠢᠯᠡᠯᠲᠡ ᠶᠢ ᠮᠣᠩᠭᠣᠯ ᠤᠨ ᠲᠠᠯ᠎ᠠ ᠠᠴᠠ ︽ ᠵᠡᠯᠲᠡᠷ ᠦᠨ ᠵᠠᠮ︾  ᠺᠤᠮᠫᠠᠨᠢ᠂ ᠣᠷᠣᠰ  ᠦᠨ ᠲᠠᠯ᠎ᠠ ᠠᠴᠠ ︽ᠸᠣᠰᠲ᠋ᠣᠺ ᠲᠷᠠᠨᠰ︾  ᠺᠤᠮᠫᠠᠨᠢ ᠭᠦᠢᠴᠡᠳᠭᠡᠬᠦ ᠶᠤᠮ ᠪᠠᠶᠢᠨ᠎ᠠ᠃

ᠰᠡᠳᠬᠢᠭᠳᠡᠯ ᠦᠯᠡᠳᠡᠭᠡᠬᠦ