ᠡᠷᠳᠡᠮ ᠰᠢᠨᠵᠢᠯᠡᠭᠡᠨ ᠦ ᠬᠤᠷᠠᠯ ᠬᠠᠯᠬ᠎ᠠ ᠭᠤᠤᠯ ᠳᠤ ᠪᠣᠯᠤᠨ᠎ᠠ  | News.MN

ᠡᠷᠳᠡᠮ ᠰᠢᠨᠵᠢᠯᠡᠭᠡᠨ ᠦ ᠬᠤᠷᠠᠯ ᠬᠠᠯᠬ᠎ᠠ ᠭᠤᠤᠯ ᠳᠤ ᠪᠣᠯᠤᠨ᠎ᠠ 

ᠬᠠᠯᠬ᠎ᠠ ᠭᠤᠤᠯ ᠤᠨ ᠳᠠᠶᠢᠨ ᠤ ᠢᠯᠠᠯᠲᠠ ᠶᠢᠨ 80 ᠵᠢᠯ ᠦᠨ ᠣᠢ ᠳᠤ ᠵᠣᠷᠢᠭᠤᠯᠤᠭᠰᠠᠨ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠨᠠᠢᠮᠠᠳᠤᠭᠠᠷ ᠰᠠᠷ᠎ᠠ ᠶᠢᠨ 14 – 16 ᠳᠦ ᠳᠠᠶᠢᠨ ᠤ ᠤᠯᠠ ᠮᠥᠷ ᠦᠯᠡᠳᠡᠭᠰᠡᠨ ᠲᠡᠦᠬᠡᠨ ᠭᠠᠵᠠᠷ ᠬᠠᠯᠬ᠎ᠠ ᠭᠤᠤᠯ ᠳᠤ ᠪᠣᠯᠤᠨ᠎ᠠ᠃ ᠡᠷᠳᠡᠮ ᠰᠢᠨᠵᠢᠯᠡᠭᠡᠨ ᠦ ᠬᠤᠷᠠᠯ ᠳᠤ ᠤᠷᠤᠯᠴᠠᠬᠤ ᠬᠦᠮᠦᠰ 12 ᠍ ᠳᠦ  ᠬᠠᠯᠬ᠎ᠠ ᠭᠤᠤᠯ ᠰᠤᠮᠤᠨ ᠳᠤ ᠣᠴᠢᠵᠤ 13 ᠍ ᠳᠦ ᠳᠠᠶᠢᠨ ᠤ ᠦᠶ᠎ᠡ ᠶᠢᠨ ᠲᠡᠦᠬᠡᠨ ᠭᠠᠵᠠᠷ ᠤᠳ ᠲᠠᠢ ᠲᠠᠨᠢᠯᠴᠠᠭᠰᠠᠨ ᠤ ᠳᠠᠷᠠᠭ᠎ᠠ ᠡᠷᠳᠡᠮ ᠰᠢᠨᠵᠢᠯᠡᠭᠡᠨ ᠦ ᠬᠤᠷᠠᠯ ᠠᠯᠪᠠᠨ ᠶᠣᠰᠣᠭᠠᠷ ᠡᠬᠢᠯᠡᠬᠦ ᠶᠤᠮ᠃ ᠮᠥᠨ ᠲᠤᠬᠠᠢ ᠶᠢᠨ ᠣᠷᠣᠯᠴᠠᠭᠴᠢ ᠶᠢᠨ ᠡᠷᠳᠡᠮ ᠰᠢᠨᠵᠢᠯᠡᠭᠡᠨ ᠦ ᠥᠭᠦᠯᠡᠯ ᠦᠨ ᠰᠡᠳᠦᠪ ᠲᠡᠢ ᠤᠶᠠᠯᠳᠤᠭᠤᠯᠤᠨ ᠢᠯᠡᠳᠬᠡᠯ ᠢ ᠬᠡᠯᠡᠯᠴᠡᠭᠦᠯᠬᠦ ᠭᠠᠵᠠᠷ ᠣᠷᠣᠨ ᠢ ᠨᠢ ᠰᠣᠩᠭᠣᠨ ᠲᠤᠩ ᠰᠣᠨᠢᠷᠬᠠᠯᠲᠠᠢ ᠪᠠᠶᠢᠳᠠᠯ ᠢᠶᠠᠷ ᠵᠣᠬᠢᠶᠠᠨ ᠪᠠᠶᠢᠭᠤᠯᠬᠤ ᠪᠠᠷ ᠲᠥᠯᠥᠪᠯᠡᠵᠡᠢ᠃ ᠡᠷᠳᠡᠮ ᠰᠢᠨᠵᠢᠯᠡᠭᠡᠨ ᠦ ᠬᠤᠷᠠᠯ ᠳᠤ ᠮᠣᠩᠭᠣᠯ᠂ ᠣᠷᠣᠰ᠂ ᠶᠠᠫᠣᠨ᠂ ᠬᠢᠲᠠᠳ ᠤᠯᠤᠰ ᠤᠨ 40 ᠭᠠᠷᠤᠢ ᠡᠷᠳᠡᠮᠲᠡᠨ ᠰᠤᠳᠤᠯᠤᠭᠠᠴᠢᠳ ᠣᠷᠣᠯᠴᠠᠨ᠎ᠠ ᠭᠡᠰᠡᠨ ᠤᠷᠢᠳᠴᠢᠯᠠᠭᠰᠠᠨ ᠮᠡᠳᠡᠭᠡᠯᠡᠯ ᠭᠠᠷᠤᠭᠠᠳ ᠪᠠᠶᠢᠨ᠎ᠠ᠃ ᠬᠤᠷᠠᠯ ᠢ ᠬᠠᠯᠬ᠎ᠠ ᠭᠤᠤᠯ ᠤᠨ ᠮᠦᠽᠧᠢ᠂ ᠳᠣᠷᠣᠨᠠᠲᠤ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂ ᠰᠢᠨᠵᠢᠯᠡᠬᠦ ᠤᠬᠠᠭᠠᠨ ᠤ ᠠᠺᠠᠳᠧᠮᠢ ᠶᠢᠨ ᠲᠡᠦᠬᠡ ᠠᠷᠬᠧᠣᠯᠣᠭᠢ ᠶᠢᠨ ᠬᠦᠷᠢᠶᠡᠯᠡᠩ ᠬᠠᠮᠲᠤᠷᠠᠨ ᠵᠣᠬᠢᠶᠠᠨ ᠪᠠᠶᠢᠭᠤᠯᠤᠨ᠎ᠠ᠃

ᠰᠡᠳᠬᠢᠭᠳᠡᠯ ᠦᠯᠡᠳᠡᠭᠡᠬᠦ